ᠵᠣᠴᠢᠨ᠄ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠩ ᠪᠥᠸᠧ᠂ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠬᠢᠭᠡᠳ ᠬᠢᠨᠠᠯᠲᠠ ᠲᠠᠯᠪᠢᠬᠤ ᠰᠠᠯᠠᠭᠠᠨ ᠤ ᠳᠡᠳ᠋ ᠳᠠᠷᠤᠭ᠎ᠠ ᠵᠠᠩ ᠴᠦᠩᠴᠢᠩ᠂ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠡᠳ᠋ ᠳᠠᠷᠤᠭ᠎ᠠ ᠯᠢᠦ ᠵᠧ | ᠬᠥᠬᠡᠬᠤᠲᠠ ᠶᠢᠨ ᠱᠢᠨᠵᠢᠯᠡᠬᠦ ᠤᠬᠠᠭᠠᠨ ᠡᠷᠭᠡᠵᠢᠯ ᠤᠨ ᠲᠣᠪᠴᠢᠶ᠎ᠠ | | | | | | | ᠬᠠᠮᠢᠶᠠᠷᠤᠭᠴᠢ ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠪᠠᠷ ᠶᠠᠪᠤᠭᠳᠠᠭᠰᠠᠨ | ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠬᠦᠨᠳᠦᠲᠦ ᠵᠣᠴᠢᠳ ᠲᠠᠢ ᠬᠠᠷᠢᠯᠴᠠᠵᠤ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠦᠲᠦᠯᠦᠭᠴᠢ᠄ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ | 2001 ᠣᠨ ᠳᠤ ᠵᠥᠪᠰᠢᠶᠡᠷᠡᠵᠦ ᠪᠠᠶᠢᠭᠤᠯᠤᠭᠰᠠᠨ ᠶᠡᠭᠡ ᠬᠡᠪᠴᠢᠶᠡᠨ ᠤ ᠣᠯᠠᠨ ᠲᠦᠮᠡᠨᠴᠢ ᠴᠢᠨᠠᠷ ᠲᠠᠢ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠯᠠᠭ᠎ᠠ ᠪᠣᠯᠣᠨ᠎ᠠ᠃ ᠵᠢᠯ ᠪᠦᠷᠢ ᠶᠢᠨ 5 ᠰᠠᠷ᠎ᠠ ᠶᠢᠨ ᠭᠤᠷᠪᠠᠳᠤᠭᠠᠷ ᠭᠠᠷᠠᠭ ᠨᠢ ︽ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠭᠠᠷᠠᠭ︾ ᠪᠣᠯᠣᠨ᠎ᠠ᠃ ᠣᠯᠠᠨ ᠵᠢᠯ ᠤᠨ ᠴᠢᠷᠮᠠᠶᠢᠯᠭ᠎ᠠ ᠪᠠᠷ | ᠳᠡᠮᠵᠢᠨ᠂ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ︾ ᠨᠢᠭᠡᠨᠲᠡ ᠮᠠᠨ ᠤ ᠬᠤᠲᠠ ᠶᠢᠨ | ᠵᠢᠯ ᠳᠤ ᠨᠢᠭᠡ ᠤᠳᠠᠭ᠎ᠠ ᠶᠠᠪᠤᠭᠳᠠᠬᠤ ᠬᠠᠮᠤᠭ ᠤᠨ ᠴᠢᠬᠤᠯᠠ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠪᠣᠯᠵᠣ᠂ ᠪᠥᠬᠦ ᠬᠤᠲᠠ ᠳᠤ ᠰᠢᠨᠵᠢᠯᠡᠬᠦ ᠤᠬᠠᠭᠠᠨ ᠤ ᠮᠡᠳᠡᠯᠭᠡ ᠶᠢ | ᠲᠦᠭᠡᠮᠡᠯᠵᠢᠭᠦᠯᠬᠦ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠪᠣᠶ ᠪᠣᠯᠭᠠᠬᠤ ᠳᠤ ᠴᠢᠬᠤᠯᠠ ᠦᠢᠯᠡᠳᠦᠯ | ᠦᠵᠡᠭᠦᠯᠪᠡ᠃ 2024 ᠣᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ︾ ᠢ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠥᠬᠡᠬᠤᠲᠠ ᠶᠢᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠬᠠᠮᠲᠤ ᠪᠠᠷ ᠵᠣᠬᠢᠶᠠᠨ ᠪᠠᠶᠢᠭᠤᠯᠵᠤ᠂ 5 ᠰᠠᠷ᠎ᠠ ᠶᠢᠨ 25 ᠤ ᠡᠳᠦᠷ ᠠᠴᠠ 6 ᠰᠠᠷ᠎ᠠ ᠶᠢᠨ 1 ᠤ ᠡᠳᠦᠷ | ᠪᠣᠯᠲᠠᠯ᠎ᠠ ᠪᠥᠬᠦ ᠬᠤᠲᠠ ᠶᠢᠨ ᠡᠯ᠎ᠡ ᠭᠠᠵᠠᠷ ᠲᠤ ᠣᠯᠠᠨ ᠵᠦᠢᠯ ᠤᠨ ᠪᠠᠶᠠᠯᠢᠭ ᠰᠠᠶᠢᠬᠠᠨ ᠠᠵᠢᠯᠯᠠᠭ᠎ᠠ ᠶᠢ ᠵᠡᠷᠭᠡ ᠪᠠᠷ | ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠳᠠᠶᠢᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠯ᠎ᠡ ᠵᠦᠢᠯ ᠤᠨ ᠠᠵᠢᠯᠯᠠᠭ᠎ᠠ ᠳᠤ | ᠢᠳᠡᠪᠬᠢᠲᠡᠶ ᠣᠷᠣᠯᠴᠠᠵᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ | ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠬᠡᠪ ᠰᠤᠷᠲᠠᠯ ᠢ ᠪᠣᠶ ᠪᠣᠯᠭᠠᠵᠤ᠂ ᠪᠥᠬᠦ ᠠᠷᠠᠳ ᠤᠨ | ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠨ᠎ᠠ᠃ ᠡᠭᠦᠨ ᠤ ᠬᠠᠮᠲᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ | ︾ ᠤᠨ ᠠᠵᠠ ᠲᠣᠬᠢᠶᠠᠯ ᠢ ᠠᠰᠢᠭᠯᠠᠨ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠭᠰᠡᠨ ᠪᠠᠶᠢᠳᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠲᠥᠷᠥ ᠶᠢᠨ ᠪᠣᠳᠣᠯᠭ᠎ᠠ ᠶᠢ | ᠶᠡᠬᠡᠪᠡᠷ ᠤᠬᠠᠭᠤᠯᠵᠤ᠂ ᠨᠠᠩ ᠣᠯᠠᠨ ᠠᠵᠤ ᠠᠬᠤᠶᠢᠯᠠᠯ ᠪᠠ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠭᠰᠠᠳ ᠲᠤ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ | ᠠᠷᠭ᠎ᠠ ᠬᠡᠮᠵᠢᠶ᠎ᠡ ᠪᠠ ᠲᠥᠷᠥ ᠶᠢᠨ ᠪᠣᠳᠣᠯᠭ᠎ᠠ ᠶᠢ ᠣᠶᠢᠯᠠᠭᠠᠭᠤᠯᠤᠨ ᠡᠵᠡᠮᠰᠢᠭᠦᠯᠦᠨ᠎ᠡ᠃ | ᠬᠦᠲᠦᠯᠦᠭᠴᠢ᠄ | ᠬᠠᠮᠤᠭ ᠲᠡᠷᠢᠭᠦᠨ ᠳᠤ ᠰᠢᠨᠵᠢᠯᠡᠬᠦ ᠤᠬᠠᠬᠠᠨ ᠮᠡᠷᠭᠡᠵᠢᠯ ᠤᠨ ᠬᠥᠳᠡᠯᠭᠡᠭᠡᠨ ᠤ ᠭᠠᠷᠠᠭ ᠤᠨ ᠦᠨᠳᠦᠰᠦᠨ ᠪᠠᠶᠢᠳᠠᠯ ᠢ | ᠲᠠᠶᠢᠯᠴᠠᠬᠤᠯᠤᠶᠠ᠃ | ᠬᠦᠨᠳᠦᠲᠦ ᠵᠤᠴᠢᠳ ᠡᠷᠢᠶᠡᠨ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ | ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠲᠡᠳ᠋ ᠲᠤᠪᠴᠢᠶᠠᠨ ᠳᠠᠷᠤᠭ᠎ᠠ ᠴᠧᠩ ᠪᠦᠸᠧ᠄ | ᠳᠣᠣᠷ᠎ᠠ ᠪᠢ ︽ᠰᠢᠨᠵᠢᠯᠡᠬᠦ ᠤᠬᠠᠭᠠᠨ ᠲᠧᠭᠨᠣᠯᠣᠭᠢ ᠶᠢᠨ ᠠᠵᠢᠯᠯᠠᠭᠠᠨ ᠤ ᠭᠠᠷᠠᠭ︾ ᠤᠨ ᠢᠷᠡᠬᠦ ᠪᠣᠯᠤᠨ ᠲᠤᠰ | ᠬᠤᠭᠤᠴᠠᠭᠠᠨ ᠤ ︽ᠰᠢᠨᠵᠢᠯᠡᠬᠦ ᠤᠬᠠᠭᠠᠨ ᠲᠧᠭᠨᠣᠯᠣᠭᠢ ᠶᠢᠨ ᠠᠵᠢᠯᠯᠠᠭᠠᠨ ᠤ ᠭᠠᠷᠠᠭ︾ ᠤᠨ ᠭᠤᠣᠯ ᠰᠡᠳᠦᠪ ᠢ | ᠲᠠᠨᠢᠯᠴᠠᠭᠤᠯᠤᠶ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠳᠣᠯᠤᠭ᠎ᠠ ᠬᠤᠨᠤᠭ ᠲᠤ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠯᠠᠭᠠᠨ ᠤ ᠭᠠᠷᠠᠭ ᠪᠣᠯ ᠮᠠᠨ ᠤ ᠤᠯᠤᠰ ᠤᠨ 2001 ᠣᠨ ᠳᠤ ᠵᠥᠪᠰᠢᠶᠡᠷᠡᠨ | ᠪᠠᠶᠢᠭᠤᠯᠤᠭᠰᠠᠨ ᠶᠡᠭᠡ ᠬᠡᠮᠵᠢᠶᠡᠨ ᠤ ᠣᠯᠠᠨ ᠲᠦᠮᠡᠨᠴᠢ ᠴᠢᠨᠠᠷ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ | ᠪᠣᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠦᠨᠳᠦᠰᠦᠯᠡᠨ ᠵᠢᠯ ᠪᠦᠷᠢ ᠶᠢᠨ 5 ᠳ᠋ᠤᠭᠠᠷ | ᠰᠠᠷ᠎ᠠ ᠶᠢᠨ ᠭᠤᠷᠪᠠᠳᠤᠭᠠᠷ ᠭᠠᠷᠠᠭ ᠢ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠭᠠᠷᠠᠭ︾ ᠪᠣᠯᠭᠠᠵᠤ᠂ | ᠪᠦᠬᠦ ᠤᠯᠤᠰ ᠲᠤ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠥᠷᠨᠢᠭᠦᠯᠦᠨ᠎ᠡ᠃ | ᠠᠵᠢᠯᠯᠠᠭ᠎ᠠ ᠶᠢᠨ ᠨᠥᠯᠥᠭᠡᠯᠡᠬᠦ ᠬᠦᠴᠦᠨ ᠪᠠ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ 2024 ᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ | ᠲᠥᠪ ᠤᠨ ᠤᠬᠠᠭᠤᠯᠬᠤ ᠬᠡᠯᠲᠡᠰ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ | ᠬᠠᠮᠲᠤᠷᠠᠨ ᠡᠷᠭᠢᠯᠡᠵᠦ᠂ ᠨᠢᠭᠡ ᠭᠠᠷᠠᠭ ᠤᠨ ᠬᠤᠭᠤᠴᠠᠭᠠᠨ ᠳᠤ᠂ ᠪᠥᠬᠦ ᠤᠯᠤᠰ ᠤᠨ ᠡᠯ᠎ᠡ ᠭᠠᠵᠠᠷ ᠤᠨ ᠬᠢᠨ | ᠰᠢᠨᠵᠢᠯᠡᠬᠦ ᠤᠬᠠᠭᠠᠨ ᠮᠡᠷᠭᠡᠵᠢᠯ ᠢ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢ ᠨᠡᠭᠡᠭᠡᠬᠦ ᠰᠠᠭᠤᠷᠢᠨ | ᠭᠠᠵᠠᠷ ᠵᠡᠷᠭᠡ ᠣᠯᠠᠨ ᠵᠦᠢᠯ ᠤᠨ ᠪᠠᠶᠠᠯᠢᠭ ᠰᠠᠶᠢᠬᠠᠨ ᠠᠵᠢᠯᠯᠠᠭ᠎ᠠ ᠡᠷᠭᠢᠯᠡᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ | ᠶᠡᠬᠡᠪᠡᠷ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠰᠢᠨ᠎ᠡ ᠠᠮᠵᠢᠯᠲᠠ | ᠪᠦᠲᠦᠮᠵᠢ ᠶᠢ ᠳᠡᠯᠭᠡᠨ ᠦᠵᠡᠭᠦᠯᠦᠨ᠎ᠡ᠃ ᠲᠣᠰ ᠬᠤᠭᠤᠴᠠᠭᠠᠨ ᠤ ︽ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠯᠠᠭᠠᠨ ᠤ ᠭᠠᠷᠠᠭ︾ ᠤᠨ ᠭᠤᠤᠯ ᠰᠡᠳᠦᠪ 2024 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | 75 ᠵᠢᠯ ᠤᠨ ᠣᠶ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ 2024 ᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠲᠤ ︽ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠪᠦᠬᠦ | ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ︾ ᠪᠠᠷ ᠭᠤᠣᠯ ᠰᠡᠳᠦᠪ ᠪᠣᠯᠭᠠᠪᠠ᠃ | ᠮᠠᠨ ᠤ ᠬᠤᠲᠠ ᠠᠯᠢ ᠣᠯᠠᠨ ᠠᠵᠢᠯᠯᠠᠭ᠎ᠠ ᠡᠷᠬᠢᠯᠡᠬᠦ ᠪᠠᠷ ᠳᠠᠮᠵᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠴᠦ ᠣᠯᠤᠭᠰᠠᠨ ᠰᠢᠷᠢᠰ ᠴᠢᠬᠤᠯᠠ ᠶᠡᠭᠡ ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ | ᠥᠭᠦᠯᠡᠯᠲᠡ ᠶᠢ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾ ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠦᠴᠦᠯᠡᠨ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠨᠵᠢᠯᠡᠬᠦ | ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠡᠷᠬᠢᠮᠯᠡᠬᠦ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠨ᠎ᠠ᠃ | ᠬᠦᠲᠦᠯᠦᠭᠴᠢ᠄ | ᠡᠨᠡ ᠵᠢᠯ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠲᠤ ᠶᠠᠮᠠᠷ ᠶᠠᠮᠠᠷ | ᠭᠤᠤᠯᠳᠠᠯᠭ᠎ᠠ ᠲᠠᠢ ᠠᠵᠢᠯᠯᠠᠭ᠎ᠠ ᠬᠢᠭᠰᠡᠨ ᠪᠣᠶ︖ | ᠬᠦᠨᠳᠦᠲᠦ ᠵᠣᠴᠢᠳ ᠴᠢᠤᠸᠠᠨ ᠵᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠡᠳ᠋ | ᠳᠠᠷᠤᠭ᠎ᠠ ᠯᠢᠦ ᠵᠧ᠄ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠬᠤᠭᠤᠴᠠᠭᠠᠨ ᠳᠤ᠂ ᠮᠠᠨ ᠤ ᠬᠤᠲᠠ ︽ | ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠪᠥᠬᠦ ᠨᠡᠶᠢᠭᠡᠮ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠬᠦ︾ ᠭᠤᠤᠯ ᠰᠡᠳᠦᠪ ᠤᠨ ᠲᠣᠭᠤᠷᠢᠨ ᠳᠤ᠂ ᠪᠥᠬᠦ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠶᠢ ᠡᠷᠭᠢᠯᠡᠵᠦ᠂ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠡᠭᠡᠭᠡᠬᠦ ᠶᠢ ᠵᠢᠯᠣᠭᠤᠳᠬᠤ ᠶᠢᠨ ᠬᠠᠮᠲᠤ | ᠤᠨᠴᠠᠯᠢᠬᠳᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠡᠷᠭᠢᠯᠡᠵᠦ᠂ ᠰᠢᠨᠵᠢᠯᠡᠬᠦ | ᠤᠬᠠᠭᠠᠨᠲᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ | ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠡᠩ ᠤᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠠᠵᠢᠯᠯᠠᠭ᠎ᠠ ᠠᠴᠠ ᠭᠠᠳᠠᠨ᠎ᠠ᠂ ᠡᠨᠡ ᠵᠢᠯ ᠪᠠᠰᠠ ᠭᠤᠷᠪᠠᠨ ᠵᠦᠢᠯ ᠤᠨ ᠭᠤᠤᠯᠳᠠᠯᠭ᠎ᠠ ᠲᠠᠢ | ᠠᠵᠢᠯᠯᠠᠭ᠎ᠠ ᠪᠣᠶ᠄ ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ | ᠪᠦᠯᠬᠦᠮ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ | ᠪᠠᠶᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠲᠣᠰᠬᠤᠨ ᠳᠤ ᠬᠦᠷᠭᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠬᠤᠭᠤᠴᠠᠭᠠᠨ ᠳᠤ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ | ᠲᠣᠰᠬᠤᠨ ᠳᠤ ᠬᠦᠷᠭᠡᠵᠦ᠂ ᠬᠤᠲᠣᠩ ᠠᠷᠠᠳ ᠤᠨ ᠲᠣᠭᠤᠷᠢᠭ᠂ ᠰᠠᠶᠢᠬᠠᠨ ᠲᠣᠭᠤᠷᠢᠭ ᠲᠤ ᠭᠦᠨᠵᠡᠭᠡᠶᠢᠷᠡᠨ᠂ | ᠲᠠᠷᠢᠶᠠᠴᠢᠨ ᠨᠠᠶᠢᠵᠠ ᠨᠠᠷ ᠲᠤ ᠳᠠᠷᠢᠵᠤ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ | ᠬᠦᠷᠭᠡᠵᠦ ᠥᠭᠭᠦᠨ᠎ᠡ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠰᠠ ᠡᠮᠴᠢ ᠤᠷᠢᠵᠤ᠂ | ᠦᠴᠤᠸᠠᠨ ᠰᠢᠶᠠᠨ ᠳᠤ ᠬᠦᠷᠴᠦ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠵᠤ ᠡᠷᠡᠭᠦᠯ | ᠮᠡᠨᠳᠦ ᠶᠢ ᠬᠠᠮᠠᠭᠠᠯᠠᠬᠤ︾ ᠲᠤᠰᠬᠠᠶ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠤᠬᠠᠶ ᠶᠢᠨ | ᠭᠠᠵᠠᠷ ᠤᠨ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠨ᠎ᠠ᠃ ᠬᠤᠶᠠᠷ ᠲᠤ᠂ ︽ | ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠬᠤᠯᠪᠣᠭ᠎ᠠ ᠶᠢ ᠥᠯᠢᠭᠡᠷ ᠳᠠᠭᠤᠷᠢᠶᠠᠯ ᠠᠵᠤ ᠠᠬᠤᠶᠢᠯᠠᠯ ᠳᠤ ᠣᠷᠣᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠬᠥᠮᠥᠷᠭᠡ ᠳᠤ | ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠰᠢᠨ᠎ᠡ ᠶᠢ | ᠡᠭᠦᠳᠬᠦ ᠲᠠᠪᠴᠠᠩ ᠢ ᠳᠡᠩᠰᠡᠯᠡᠵᠦ ᠮᠠᠭᠠᠳᠯᠠᠨ ᠲᠣᠭᠲᠠᠭᠠᠬᠤ ᠵᠡᠷᠭᠡ ᠲᠤᠬᠠᠶᠢᠯᠠᠭᠰᠠᠨ ᠠᠵᠢᠯ ᠲᠠᠢ ᠤᠶᠠᠯᠳᠤᠭᠤᠯᠤᠨ᠂ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ | ᠪᠣᠯᠪᠠᠰᠤᠷᠠᠭᠤᠯᠤᠯ ᠢ ᠥᠷᠨᠢᠭᠦᠯᠦᠨ᠎ᠡ᠃ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠬᠤᠯᠪᠣᠭ᠎ᠠ ᠨᠢ ᠥᠯᠢᠭᠡᠷ ᠳᠠᠭᠤᠷᠢᠶᠠᠯ ᠪᠣᠯᠬᠤ ᠠᠵᠤ ᠠᠬᠤᠶᠢᠯᠠᠯ ᠤᠨ ᠰᠢᠷᠢᠰ | ᠠᠵᠢᠯᠯᠠᠭ᠎ᠠ ᠶᠢ ᠣᠳᠣᠬᠠᠨ ᠳᠤ ᠨᠢᠭᠡᠨᠲᠡ ᠨᠢᠭᠡ ᠤᠳᠠᠭ᠎ᠠ ᠥᠷᠨᠢᠭᠦᠯᠵᠦ᠂ ᠳᠡᠭᠡᠷ᠎ᠡ ᠭᠠᠷᠠᠭ ᠤᠨ ᠲᠠᠪᠤᠨ ᠳᠤ ᠪᠢᠳᠡ | ᠬᠥᠬᠡᠬᠤᠲᠠ ᠶᠢᠨ ᠳᠡᠭᠡᠳᠦ ᠠᠵᠤ ᠠᠬᠤᠶᠢᠯᠠᠯ ᠤᠨ ᠨᠡᠶᠢᠭᠡᠮᠯᠢᠭ᠂ ᠪᠡᠭᠡᠵᠢᠩ ᠤᠨ ᠵᠥᠩ ᠭᠤᠸᠠᠨ ᠼᠦᠨ ᡁᠢ ᠺᠦ᠋ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠴᠢᠳᠠᠪᠤᠷᠢᠲᠠᠨ ᠤ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠲᠠᠢ ᠶᠢᠨ ᠢᠦᠶ ᠠᠮᠢᠳᠤ ᠪᠣᠳᠠᠰ ᠲᠤ ᠭᠦᠨᠵᠡᠭᠡᠶᠢᠷᠡᠨ᠂ ᠰᠢᠨ᠎ᠡ ᠪᠠᠷ ᠣᠷᠣᠯᠴᠠᠭᠰᠠᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠳᠤ ᠭᠡᠰᠢᠭᠦᠨ ᠤ ᠦᠨᠡᠮᠯᠡᠯ ᠣᠯᠭᠤᠬᠤ ᠶᠢᠨ ᠬᠠᠮᠲᠤ ᠲᠤᠬᠠᠶ ᠶᠢᠨ ᠲᠠᠯᠠᠪᠤᠷ ᠲᠤ | ᠪᠠᠶᠢᠭ᠎ᠠ ᠠᠵᠤ ᠠᠬᠤᠶᠢᠯᠠᠯ ᠳᠤ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠲᠣᠰ ᠠᠵᠢᠯᠯᠠᠭ᠎ᠠ ᠨᠢ ᠬᠦᠷᠢᠶᠡᠯᠡᠩ ᠲᠣᠭᠤᠷᠢᠭ ᠪᠠ | ᠠᠵᠤ ᠠᠬᠤᠶᠢᠯᠠᠯ ᠤᠨ ᠰᠠᠶᠢᠨ ᠦᠨᠡᠯᠡᠯᠲᠡ ᠶᠢ ᠣᠯᠵᠤ᠂ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠬᠤᠭᠤᠴᠠᠭᠠᠨ ᠳᠤ᠂ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠡᠨᠡ ᠬᠦ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠣᠳᠣᠬᠠᠨ ᠳᠤ ᠰᠠᠶᠢᠬᠠᠨ ᠲᠣᠭᠤᠷᠢᠭ ᠪᠠ ᠰᠢᠨ᠎ᠡ ᠬᠤᠲᠠ ᠲᠣᠭᠤᠷᠢᠭ ᠲᠤ ᠲᠤᠰᠬᠠᠶ | ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ᠂ ᠮᠡᠷᠭᠡᠵᠢᠯ᠂ ᠲᠥᠷᠥᠯ ᠵᠦᠢᠯ ᠢ ᠰᠤᠳᠤᠯᠤᠨ | ᠨᠡᠭᠡᠭᠡᠬᠦ ᠵᠡᠷᠭᠡ ᠬᠠᠮᠢᠶ᠎ᠠ ᠪᠥᠬᠦᠶ ᠠᠵᠢᠯᠲᠠᠨ ᠲᠠᠢ ᠨᠢᠭᠤᠷᠳᠠᠨ ᠶᠠᠷᠢᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠳᠠᠲᠠᠶ ᠠᠰᠠᠭᠤᠳᠠᠯ ᠢ ᠣᠶᠢᠯᠠᠭᠠᠵᠤ᠂ ᠠᠵᠤ ᠠᠬᠤᠶᠢᠯᠠᠯ ᠤᠨ | ᠲᠥᠭᠡᠷᠢᠭᠳᠡᠯ ᠢ ᠬᠠᠷᠢᠭᠤᠯᠤᠨ᠂ ᠲᠥᠷᠥᠯ ᠬᠤᠪᠢᠶᠠᠨ ᠵᠢᠯᠣᠭᠤᠳᠴᠤ᠂ ᠦᠢᠯᠡᠴᠢᠯᠡᠭᠡ ᠪᠠᠨ ᠴᠢᠩᠭᠠᠳᠬᠠᠨ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠲᠦᠭᠵᠢᠷᠡᠯ ᠢ ᠴᠤᠭᠯᠠᠭᠤᠯᠤᠨ | ᠣᠶᠢᠯᠠᠭᠠᠵᠤ᠂ ᠠᠵᠤ ᠠᠬᠤᠶᠢᠯᠠᠯ ᠳᠤ ᠨᠠᠩ ᠰᠠᠶᠢᠨ ︽ᠣᠨᠣᠪᠴᠢᠲᠠᠶ᠂ ᠲᠤᠰᠬᠠᠶᠢᠵᠢᠭᠰᠠᠨ᠂ ᠵᠠᠬᠢᠶᠠᠯᠠᠭ᠎ᠠ︾ ᠶᠢᠨ | ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢᠶᠠᠨ | ᠳᠡᠭᠡᠭᠰᠢᠯᠡᠭᠦᠯᠬᠦ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠭᠤᠷᠪᠠ ᠳᠤ᠂ | ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠨᠢᠭᠡ ᠲᠠᠯ᠎ᠠ ᠪᠠᠷ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠥᠬᠡᠬᠤᠲᠠ ᠶᠢᠨ | ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠨᠡᠶᠢᠭᠡᠮᠯᠢᠭ ᠲᠠᠢ | ᠬᠤᠯᠪᠣᠭᠠᠯᠠᠨ᠂ ᠮᠠᠨ ᠤ ᠬᠤᠲᠠ ᠶᠢᠨ ᠣᠯᠠᠨ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ᠂ ᠰᠢᠨᠵᠢᠯᠡᠬᠦ | ᠤᠬᠠᠭᠠᠨᠲᠠᠳ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠲᠠᠨ ᠤ | ᠣᠶᠤᠨ ᠰᠠᠨᠠᠭᠠᠨ ᠤ ᠬᠢᠴᠢᠶᠡᠯ ᠢ ᠬᠢᠴᠢᠶᠡᠯ ᠤᠨ ᠲᠠᠩᠬᠢᠮ ᠳᠤ ᠰᠠᠭᠤᠯᠭᠠᠵᠤ᠂ ᠰᠢᠨᠵᠢᠯᠡᠬᠦ ᠤᠬᠠᠭᠠᠨᠲᠠᠨ ᠤ ᠥᠯᠢᠭᠡᠷ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠥᠩᠭᠡᠷᠡᠯᠲᠡ | ᠵᠡᠷᠭᠡ ᠶᠢ ᠶᠠᠷᠢᠵᠤ᠂ ᠵᠠᠯᠠᠭᠤᠴᠤᠳ ᠪᠠᠭᠠᠴᠤᠳ ᠢ ᠰᠢᠨᠵᠢᠯᠡᠬᠦ ᠤᠬᠠᠭᠠᠨᠲᠠᠨ ᠲᠠᠢ ᠣᠶᠢᠷᠠᠲᠤᠭᠤᠯᠵᠤ᠂ ︽ᠵᠢᠩᠬᠢᠨᠢ | ᠪᠠᠭᠠᠲᠤᠷ︾ ᠢ ᠪᠢᠰᠢᠷᠡᠨ ᠰᠢᠲᠦᠵᠦ᠂ ᠰᠤᠷᠤᠭᠴᠢᠳ ᠤᠨ ᠴᠢᠷᠮᠠᠶᠢᠨ ᠳᠠᠪᠰᠢᠬᠤ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠤᠯᠤᠰ ᠲᠠᠭᠠᠨ ᠵᠢᠳᠬᠦᠬᠦ ᠬᠦᠰᠡᠯᠡᠩ ᠢ ᠨᠢ ᠬᠥᠭᠵᠢᠭᠡᠨ᠎ᠡ᠃ ᠨᠥᠭᠦᠭᠡ ᠲᠠᠯ᠎ᠠ ᠪᠠᠷ᠂ ᠪᠥᠬᠦ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠡᠳᠦᠷ ᠤᠨ ᠬᠤᠭᠤᠴᠠᠭᠠᠨ ᠳᠤ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠬᠡᠷ ᠤᠨ ᠭᠠᠳᠠᠨᠠᠬᠢ ᠲᠣᠮᠣ ᠳᠡᠯᠭᠡᠴᠡ ᠶᠢ ᠭᠦᠢᠴᠡᠳ ᠠᠰᠢᠭᠯᠠᠨ᠂ ᠰᠢᠨᠵᠢᠯᠡᠬᠦ ᠤᠬᠠᠭᠠᠨᠲᠠᠨ ᠤ | ᠵᠣᠷᠢᠭ ᠰᠠᠨᠠᠭᠠᠨ ᠤ ᠤᠬᠠᠭᠤᠯᠭ᠎ᠠ ᠶᠢᠨ ᠵᠢᠷᠤᠭ ᠪᠠ ᠸᠢᠳᠢᠣ᠋ ᠶᠢ ᠦᠷᠭᠦᠯᠵᠢᠯᠡᠨ ᠨᠡᠪᠲᠡᠷᠡᠭᠦᠯᠦᠨ᠎ᠡ᠂ ᠣᠯᠠᠨ ᠢᠶᠠᠷ ᠢᠶᠠᠨ | ᠵᠡᠭᠦᠨ ᠬᠤᠶᠠᠳᠤᠭᠠᠷ ᠲᠣᠭᠤᠷᠢᠯ ᠵᠠᠮ ᠤᠨ ᠲᠤᠰᠠᠯᠠᠬᠤ ᠵᠠᠮ ᠳᠡᠭᠡᠷ᠎ᠡ ᠲᠣᠳᠣᠷᠬᠠᠶ ᠣᠯᠵᠤ ᠬᠠᠷᠠᠨ᠎ᠠ᠃ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠠᠵᠢᠯᠯᠠᠭ᠎ᠠ ᠠᠴᠠ ᠭᠠᠳᠠᠨ᠎ᠠ᠂ 5 | ᠰᠠᠷ᠎ᠠ ᠶᠢᠨ 25 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯᠠᠬᠢ ᠬᠤᠭᠤᠴᠠᠭᠠᠨ ᠳᠤ᠂ ᠮᠠᠨ ᠤ ᠬᠤᠲᠠ ᠶᠢᠨ | ᠡᠯ᠎ᠡ ᠬᠤᠰᠢᠭᠤ ᠰᠢᠶᠠᠨ ᠲᠣᠭᠤᠷᠢᠭ᠂ ᠬᠠᠮᠢᠶ᠎ᠠ ᠪᠦᠬᠦᠢ ᠵᠥᠪᠯᠡᠯ ᠠᠯᠪᠠᠨ ᠭᠡᠷ ᠴᠦ ᠲᠣᠰ ᠲᠣᠰ ᠤᠨ ᠥᠪᠡᠷᠮᠢᠴᠡ | ᠣᠨᠴᠠᠯᠢᠭ ᠲᠠᠢ ᠡᠬᠢᠯᠡᠯᠲᠡ ᠶᠢᠨ ᠶᠣᠰᠣᠯᠠᠯ ᠪᠠ ᠡᠯ᠎ᠡ ᠵᠦᠢᠯ ᠤᠨ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ | ᠥᠷᠨᠢᠭᠦᠯᠬᠦ ᠪᠣᠯᠤᠨ᠎ᠠ᠃ ᠰᠠᠶᠢᠬᠠᠨ ᠲᠣᠭᠤᠷᠢᠭ ᠨᠢ ᠭᠤᠷᠪᠠᠨ ᠲᠡᠭ ᠪᠣᠯᠭᠠᠬᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠠᠵᠤ ᠠᠬᠤᠢᠯᠠᠯ᠂ ᠲᠠᠷᠢᠶᠠᠯᠠᠩ ᠤᠨ ᠰᠢᠨ᠎ᠡ ᠲᠥᠷᠥᠯ ᠵᠦᠢᠯ ᠰᠢᠨ᠎ᠡ ᠮᠡᠷᠭᠡᠵᠢᠯ ᠢ ᠳᠡᠯᠭᠡᠷᠡᠭᠦᠯᠬᠦ᠂ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠢᠯᠤᠮᠵᠢ᠂ | ᠲᠣᠭᠤᠷᠢᠭ ᠲᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠵᠣᠯᠭᠠᠭᠤᠯᠬᠤ ᠠᠵᠢᠯᠯᠠᠭ᠎ᠠ ᠵᠡᠷᠭᠡ ᠠᠯᠢ ᠣᠯᠠᠨ | ᠠᠵᠢᠯᠯᠠᠭ᠎ᠠ ᠶᠢ ᠥᠷᠨᠢᠭᠦᠯᠦᠨ᠎ᠡ᠃ ᠰᠢᠨ᠎ᠡ ᠬᠤᠲᠠ ᠲᠣᠭᠤᠷᠢᠭ ᠨᠢ ᠪᠧᠢ ᠶᠤᠸᠠᠨ ᠵᠡᠭᠡᠯᠢ ᠶᠢᠨ ᠪᠠᠭ᠎ᠠ | ᠰᠤᠷᠭᠠᠭᠤᠯᠢ ᠳᠤ 2024 ᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠱᠢᠨᠵᠢᠯᠡᠬᠦ ᠤᠬᠠᠭᠠᠨ | ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠢ ᠡᠷᠬᠢᠯᠡᠵᠦ᠂ ᠰᠤᠷᠤᠭᠴᠢᠳ ᠢ ᠰᠢᠨᠵᠢᠯᠡᠬᠦ | ᠤᠬᠠᠭᠠᠨ ᠤ ᠮᠡᠳᠡᠯᠭᠡ ᠲᠠᠢ ︽ᠳᠣᠲᠣᠨᠣᠰᠤᠭ︾ ᠪᠣᠯᠭᠠᠬᠤ ᠪᠣᠯᠤᠨ᠎ᠠ᠃ ᠬᠤᠲᠣᠩ ᠠᠷᠠᠳ ᠤᠨ ᠲᠣᠭᠤᠷᠢᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠤᠬᠠᠭᠤᠯᠤᠨ ᠲᠤᠤᠱᠯᠠᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ | ᠤᠬᠠᠭᠤᠯᠭ᠎ᠠ ᠶᠢᠨ ᠭᠤᠣᠯᠳᠠᠯᠭ᠎ᠠ ᠪᠣᠯᠭᠠᠵᠤ᠂ ᠬᠤᠲᠣᠩ ᠠᠷᠠᠳ ᠤᠨ ᠲᠣᠭᠤᠷᠢᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠢᠭᠡᠮᠯᠢᠭ ᠪᠣᠯᠤᠨ ᠬᠠᠷᠢᠶᠠᠲᠤ ᠣᠷᠣᠨ ᠤ ᠠᠵᠤ ᠠᠬᠤᠢᠯᠠᠯ ᠲᠠᠢ ᠬᠠᠮᠲᠤᠷᠠᠨ ᠠᠭᠠᠷ ᠰᠠᠨᠰᠠᠷ ᠤᠨ | ᠠᠶᠠᠯᠠᠯ ᠤᠨ ᠮᠡᠳᠡᠯᠭᠡ ᠶᠢᠨ ᠱᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠬᠦ ᠲᠠᠢᠯᠤᠮᠵᠢ᠂ ᠰᠠᠨᠰᠠᠷ ᠤᠨ | ᠦᠷ᠎ᠡ ᠶᠢ ᠨᠡᠭᠡᠭᠡᠬᠦ ᠨᠢᠭᠤᠴᠠ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ | ᠢᠦᠶ ᠴᠢᠤᠸᠠᠨ ᠲᠣᠭᠤᠷᠢᠭ᠂ ᠬᠤᠷᠢᠨᠭᠡᠷ ᠰᠢᠶᠠᠨ ᠵᠡᠷᠭᠡ ᠨᠢ ᠴᠦ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠯᠠᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠡᠷᠢᠭ ᠤᠨ ᠬᠤᠸᠠᠷᠠᠨ ᠳᠤ ᠣᠷᠣᠭᠤᠯᠬᠤ ᠵᠡᠷᠭᠡ | ᠠᠵᠢᠯᠯᠠᠭ᠎ᠠ ᠶᠢ ᠥᠷᠨᠢᠭᠦᠯᠬᠦ ᠪᠣᠯᠤᠨ᠎ᠠ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠰᠠᠯᠪᠤᠷᠢ ᠠᠩᠭᠢ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ︶᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠣᠯᠠᠨ ᠨᠢᠭᠡᠴᠡ | ᠴᠦ ᠲᠣᠰ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠮᠡᠳᠡᠯᠭᠡ ᠳᠤ ᠰᠠᠭᠤᠷᠢᠯᠠᠨ᠂ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠬᠦ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ᠂ ᠵᠠᠰᠠᠯ ᠴᠢᠮᠡᠭᠯᠡᠯ ᠤᠨ ᠡᠳ᠋ ᠤᠨ ᠠᠮᠤᠷ | ᠲᠦᠪᠰᠢᠨ ᠢ ᠲᠦᠭᠡᠮᠡᠯᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ᠂ ᠥᠩᠭᠡᠨ ᠡᠪᠡᠳᠴᠢᠨ ᠬᠢᠭᠡᠳ ᠠᠶᠢᠽ ᠡᠪᠡᠳᠴᠢᠨ ᠢ ᠲᠦᠭᠡᠮᠡᠯᠵᠢᠭᠦᠯᠬᠦ ᠵᠡᠷᠭᠡ | ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠠᠵᠢᠯᠯᠠᠭ᠎ᠠ ᠶᠢ ᠥᠷᠨᠢᠭᠦᠯᠦᠨ᠎ᠡ᠃ ᠣᠲᠣ ᠪᠣᠯᠲᠠᠯ᠎ᠠ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠨᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠰᠠᠭᠤᠷᠢᠨ ᠭᠠᠵᠠᠷ ᠢ ᠴᠢᠯᠥᠭᠡᠲᠡᠶ ᠨᠡᠭᠡᠭᠡᠬᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠨᠡᠶᠢᠭᠡᠮ | ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ ᠬᠦᠷᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ | ᠪᠠᠭᠤᠯᠭᠠᠬᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ 50 ᠤᠳᠠᠭᠠᠨ ᠤ ᠪᠠᠶᠠᠯᠢᠭ ᠰᠠᠶᠢᠬᠠᠨ ᠠᠵᠢᠯᠯᠠᠭ᠎ᠠ ᠶᠢ | ᠡᠷᠭᠢᠯᠡᠬᠦ ᠪᠠᠷ ᠲᠥᠯᠥᠪᠯᠡᠵᠦ ᠪᠣᠶ᠃ ᠠᠯᠢ ᠣᠯᠠᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷ ᠦᠭᠡᠢ ᠲᠠᠲᠠᠬᠤ ᠬᠦᠴᠦᠨ ᠢ ᠪᠡᠶ᠎ᠡ ᠪᠠᠷ ᠢᠶᠠᠨ ᠮᠡᠳᠡᠷᠡᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠠᠷᠠᠳ ᠣᠯᠠᠨ ᠤ ᠠᠮᠢᠳᠤᠷᠠᠯ ᠢ ᠰᠠᠶᠢᠵᠢᠷᠠᠭᠤᠯᠬᠤ ᠳᠤᠮᠳᠠ ᠪᠠᠳᠠᠷᠠᠭᠤᠯᠤᠭᠰᠠᠨ ᠯᠤᠲᠤ ᠶᠡᠭᠡ | ᠦᠢᠯᠡᠳᠦᠯ ᠢ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠨ᠂ ᠡᠷᠡᠭᠦᠯ ᠰᠠᠷᠠᠭᠤᠯ ᠠᠮᠢᠳᠤᠷᠠᠯ ᠤᠨ | ᠰᠢᠨᠵᠢᠯᠡᠬᠦ ᠤᠬᠠᠭᠠᠨ ᠤ ᠮᠡᠳᠡᠯᠭᠡ ᠪᠠ ᠰᠢᠨᠵᠢᠯᠡᠬᠦ ᠤᠬᠠᠭᠠᠨ ᠤ ᠣᠶᠢᠯᠠᠭᠠᠭᠳᠠᠬᠤᠨ ᠢ ᠤᠯᠠᠮᠵᠢᠯᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠠᠵᠢᠯᠯᠠᠭ᠎ᠠ ᠶᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ᠃ | | ᠬᠦᠲᠦᠯᠦᠭᠴᠢ᠄ | ᠡᠨᠡ ᠵᠢᠯ ᠤᠨ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ | ᠡᠬᠢᠯᠡᠯᠲᠡ ᠶᠢᠨ ᠶᠣᠰᠣᠯᠠᠯ ᠳᠤ ᠶᠠᠮᠠᠷ ᠶᠠᠮᠠᠷ ᠭᠢᠯᠠᠰ ᠴᠡᠭ ᠤᠨ ᠠᠭᠤᠯᠭ᠎ᠠ ᠪᠠᠶᠢᠬᠤ ᠪᠣᠶ︖ | ᠬᠦᠨᠳᠦᠲᠦ ᠵᠣᠴᠢᠳ ᠴᠢᠤᠸᠠᠨ ᠵᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠡᠳ᠋ | ᠳᠠᠷᠤᠭ᠎ᠠ ᠯᠢᠦ ᠵᠧ᠄ | ᠡᠬᠢᠯᠡᠯᠲᠡ ᠶᠢᠨ ᠶᠣᠰᠣᠯᠠᠯ ᠪᠣᠯ ᠵᠢᠯ ᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ | ᠭᠠᠷᠠᠭ ᠤᠨ ᠭᠤᠣᠯ ᠲᠠᠯᠠᠪᠤᠷ ᠤᠨ ᠠᠵᠢᠯᠯᠠᠭ᠎ᠠ ᠪᠣᠯᠤᠨ᠎ᠠ᠃ ᠡᠨᠡ ᠵᠢᠯ ᠤᠨ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ 5 ᠰᠠᠷ᠎ᠠ ᠶᠢᠨ 25 ᠤ ᠡᠳᠦᠷ ᠤᠨ | ᠦᠳᠡ ᠶᠢᠨ ᠡᠮᠦᠨ᠎ᠡ ᠬᠤᠲᠣᠩ ᠠᠷᠠᠳ ᠶᠢᠨ ᠲᠣᠭᠤᠷᠢᠭ ᠤᠨ ᠰᠢᠨᠬᠤᠸᠠ ᠲᠠᠯᠠᠪᠠᠢ ᠳᠤ ᠶᠠᠪᠤᠭᠳᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠬᠦ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠳᠤ ᠵᠡᠷᠭᠡᠪᠡᠷ ᠶᠠᠪᠤᠭᠳᠠᠨ᠎ᠠ᠃ ᠲᠤᠬᠠᠢ ᠶᠢᠨ ᠦᠶ᠎ᠡ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ | ᠵᠡᠷᠭᠡ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠣᠷᠣᠯᠴᠠᠭᠤᠯᠬᠤ ᠶᠢᠨ ᠬᠠᠮᠲᠤ | ᠲᠤᠬᠠᠢ ᠶᠢᠨ ᠲᠠᠯᠠᠪᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠵᠡᠷᠭᠡ ᠳᠤ ᠣᠷᠣᠯᠴᠠᠭᠤᠯᠤᠨ᠎ᠠ᠃ | ᠡᠬᠢᠯᠡᠯᠲᠡ ᠶᠢᠨ ᠶᠣᠰᠣᠯᠠᠯ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠣᠩ | ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠪᠡ᠃ ᠡᠨᠡ ᠵᠢᠯ ᠡᠬᠢᠯᠡᠬᠦ | ᠶᠣᠰᠣᠯᠠᠯ ᠳᠤ ᠪᠠᠰᠠ ᠬᠤᠶᠠᠷ ᠶᠣᠰᠣᠯᠠᠯ ᠶᠠᠪᠤᠭᠤᠯᠤᠨ᠎ᠠ᠃ ᠨᠢᠭᠡ ᠳᠤ᠂ 2023 ᠣᠨ ᠤ ᠪᠥᠬᠦ ᠣᠷᠣᠨ ᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠬᠦ ᠤᠷᠤᠯᠳᠤᠭᠠᠨ ᠳᠤ ᠮᠠᠨ ᠤ ᠬᠤᠲᠠ ᠶᠢᠨ ᠱᠠᠩᠨᠠᠯ | ᠭᠥᠷᠳᠡᠭᠰᠡᠳ ᠲᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠨᠠᠩ ᠣᠯᠠᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠠᠶᠢᠨ ᠳᠤᠷᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠬᠦ᠂ | ᠤᠬᠠᠭᠤᠯᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠪᠥᠬᠦ ᠨᠡᠶᠢᠭᠡᠮ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠬᠠᠯᠠᠭᠤᠨ ᠰᠡᠳᠬᠢᠯᠭᠡ ᠶᠢ ᠳᠠᠶᠢᠴᠢᠯᠠᠬᠤ ᠶᠢᠨ ᠲᠥᠯᠥᠭᠡ ᠶᠤᠮ᠃ ᠬᠤᠶᠠᠷ ᠲᠤ᠂ ᠬᠡᠰᠡᠭ ᠠᠵᠤ | ᠠᠬᠤᠶᠢᠯᠠᠯ ᠤᠨ ᠲᠥᠯᠥᠭᠡᠯᠡᠭᠴᠢᠳ ᠲᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠣᠯᠭᠤᠪᠠ᠃ ᠡᠨᠡ ᠵᠢᠯ ᠮᠠᠨ ᠤ | ᠬᠤᠲᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ 271 ᠵᠦᠢᠯᠡᠰ ᠲᠤ ᠲᠥᠷᠥ ᠶᠢᠨ ᠪᠣᠳᠣᠯᠭ᠎ᠠ ᠶᠢ | ᠬᠡᠷᠡᠭᠵᠢᠬᠦᠯᠬᠦ ᠪᠠᠯᠠ ᠮᠥᠩᠭᠦ 3000 ᠲᠦᠮᠡᠨ ᠲᠥᠭᠦᠷᠢᠭ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠷᠳᠤᠳᠬᠠᠭᠤᠷ᠂ ᠥᠪᠡᠷᠲᠡᠭᠡᠨ ᠵᠠᠰᠠᠬᠤ ᠣᠷᠣᠨ ᠤ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠰᠤᠳᠤᠯᠭᠠᠨ ᠤ | ᠲᠥᠪ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠵᠡᠷᠭᠡ 11 ᠲᠥᠷᠥᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠵᠦᠢᠯᠡᠰ ᠢ ᠬᠠᠮᠤᠷᠪᠠ᠃ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠪᠢᠳᠡ ᠬᠡᠰᠡᠭ ᠠᠵᠤ | ᠠᠬᠤᠶᠢᠯᠠᠯ ᠤᠨ ᠲᠥᠯᠥᠭᠡᠯᠡᠭᠴᠢ ᠶᠢ ᠤᠷᠢᠵᠤ᠂ ᠲᠡᠳᠡᠨ ᠳᠤ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠣᠯᠭᠤᠵᠤ᠂ | ᠲᠡᠳᠡᠨ ᠤ ᠰᠢᠨ᠎ᠡ ᠶᠢ ᠡᠭᠦᠳᠦᠨ ᠦᠢᠯᠡᠰ ᠪᠤᠰᠬᠠᠬᠤ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠨ᠎ᠠ᠃ ᠡᠭᠦᠨ ᠠᠴᠠ ᠭᠠᠳᠠᠨ᠎ᠠ᠂ ᠡᠬᠢᠯᠡᠯᠲᠡ ᠶᠢᠨ ᠶᠣᠰᠣᠯᠠᠯ ᠤᠨ ᠠᠬᠤᠶ | ᠲᠠᠯᠠᠪᠠᠶ ᠳᠤ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠡᠷᠬᠢᠯᠡᠬᠦ ᠪᠣᠯᠤᠨ᠎ᠠ᠃ | ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠬᠡᠯᠪᠡᠷᠢ ᠨᠢ ᠰᠢᠨ᠎ᠡ | ᠰᠣᠷᠭᠤᠭ᠂ ᠠᠭᠤᠯᠭ᠎ᠠ ᠪᠠᠷ ᠪᠠᠶᠠᠯᠢᠭ ᠪᠠᠶᠢᠵᠤ᠂ ᠣᠶᠢᠷ᠎ᠠ ᠶᠢᠨ ᠵᠢᠯ ᠤᠳ ᠲᠤ ᠮᠠᠨ ᠤ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠣᠯᠤᠭᠰᠠᠨ ᠴᠢᠬᠤᠯᠠ ᠶᠡᠭᠡ ᠦᠷ᠎ᠡ ᠪᠦᠲᠦᠭᠡᠯ ᠢ | ᠲᠣᠪᠤᠶᠢᠮ᠎ᠠ ᠢᠯᠡᠷᠡᠭᠦᠯᠬᠦ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢᠨ | ᠲᠣᠭᠤᠷᠢᠭ ᠲᠤ 30 ᠰᠢᠬᠠᠮ ᠨᠢᠭᠡᠴᠢ ᠣᠷᠣᠯᠴᠠᠵᠤ᠂ ᠳᠡᠯᠭᠡᠨ ᠦᠵᠡᠭᠦᠯᠬᠦ ᠠᠭᠤᠯᠭ᠎ᠠ ᠳᠤ ᠠᠮᠢ ᠨᠠᠰᠤ ᠡᠷᠡᠭᠦᠯ | ᠮᠡᠨᠳᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠭᠠᠯ ᠤᠨᠲᠠᠷᠠᠭᠠᠬᠤ ᠠᠮᠤᠷ ᠲᠦᠪᠰᠢᠨ᠂ ᠤᠶᠤᠨᠲᠤ | ᠲᠠᠷᠢᠶᠠᠯᠠᠩ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠮᠡᠬᠡᠯᠡᠯ ᠢ ᠡᠰᠡᠷᠭᠦᠴᠡᠬᠦ ᠮᠡᠬᠡᠯᠡᠯ ᠢ ᠰᠡᠷᠭᠡᠶᠢᠯᠡᠬᠦ | ᠵᠡᠷᠭᠡ ᠲᠠᠯ᠎ᠠ ᠶᠢᠨ ᠰᠢᠨᠵᠢᠯᠡᠬᠦ ᠤᠬᠠᠭᠠᠨ ᠤ ᠮᠡᠳᠡᠯᠭᠡ ᠪᠠ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠪᠠᠭᠲᠠᠨ᠎ᠠ᠃ ᠲᠣᠰ ᠡᠳᠦᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ | ᠣᠯᠠᠨ ᠲᠦᠮᠡᠨ ᠲᠤᠰᠬᠠᠶ ᠮᠡᠷᠭᠡᠵᠢᠯ ᠤᠨ ᠭᠠᠯ ᠤᠨᠲᠠᠷᠠᠭᠠᠬᠤ ᠰᠣᠷᠢᠯᠲᠠ ᠵᠢᠴᠢ ᠮᠠᠰᠢᠨ ᠬᠥᠮᠦᠨ᠂ ᠵᠢᠯᠣᠭᠤᠴᠢ | ᠥᠬᠡᠶ ᠨᠢᠰᠬᠡᠯ ᠵᠡᠷᠭᠡ ᠶᠢᠨ ᠲᠥᠪᠯᠡᠷᠡᠩᠭᠦᠶ ᠦᠵᠡᠭᠦᠯᠦᠯᠭᠡ ᠶᠢ ᠲᠤᠬᠠᠶ ᠶᠢᠨ ᠲᠠᠯᠠᠪᠠᠶ ᠳᠤ ᠣᠯᠵᠤ ᠦᠵᠡᠵᠦ ᠪᠣᠯᠤᠨ᠎ᠠ | ᠃ | ᠬᠦᠲᠦᠯᠦᠭᠴᠢ ᠢ᠄ | 2022 ᠣᠨ ᠠᠴᠠ ᠡᠬᠢᠯᠡᠨ᠂ ︽ᠬᠤᠶᠠᠷ ᠢ ᠪᠠᠭᠠᠰᠬᠠᠬᠤ︾ ᠠᠵᠢᠯ ᠤᠨ ᠤᠯᠠᠮ ᠨᠢᠭᠡ ᠠᠯᠬᠤᠮ ᠥᠷᠨᠢᠬᠦ ᠶᠢ | ᠳᠠᠭᠠᠯᠳᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠣᠳᠣᠬᠠᠨ ᠳᠤ ᠪᠠᠰᠠ | ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠰᠢᠨᠵᠢᠯᠡᠭᠡᠨ ᠤ ᠰᠠᠯᠠᠭ᠎ᠠ ᠶᠢᠨ ᠪᠤᠰᠤ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ | ᠵᠡᠷᠭᠡ ᠠᠵᠢᠯ ᠢ ᠡᠭᠦᠷᠭᠡᠯᠡᠵᠦ᠂ ᠳᠣᠤᠷ᠎ᠠ ᠬᠥᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠰᠤᠷᠭᠠᠭᠤᠯᠢ | ᠪᠠᠶᠢᠴᠠᠭᠠᠬᠤ ᠣᠨᠴᠠ ᠤᠷᠢᠭᠰᠠᠨ ᠬᠢᠨᠠᠨ ᠵᠢᠯᠣᠭᠤᠳᠤᠭᠴᠢ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ | ᠬᠢᠨᠠᠯᠲᠠ ᠲᠠᠯᠪᠢᠬᠤ ᠰᠠᠯᠠᠭᠠᠨ ᠤ ᠳᠡᠳ᠋ ᠳᠠᠷᠤᠭ᠎ᠠ ᠵᠠᠩ ᠴᠦᠩᠴᠢᠩ ᠠᠴᠠ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠤᠨ ᠰᠢᠨᠵᠢᠯᠡᠭᠡᠨ ᠤ ᠰᠠᠯᠠᠭ᠎ᠠ ᠶᠢᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠪᠠᠶᠢᠭᠤᠯᠬᠤ ᠬᠢᠨᠠᠨ ᠵᠥᠪᠰᠢᠶᠡᠷᠡᠬᠦ ᠠᠵᠢᠯ ᠤᠨ ᠲᠤᠬᠠᠶ ᠲᠠᠶᠢᠯᠤᠮᠵᠢ ᠬᠢᠬᠦ ᠶᠢ ᠬᠦᠰᠡᠵᠦ ᠪᠠᠶᠢᠨ᠎ᠠ᠃ | ᠡᠷᠬᠢᠮ ᠵᠣᠴᠢᠳ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠬᠢᠭᠡᠳ ᠬᠢᠨᠠᠯᠲᠠ ᠲᠠᠯᠪᠢᠬᠤ ᠰᠠᠯᠠᠭᠠᠨ ᠤ ᠳᠡᠳ᠋ | ᠳᠠᠷᠤᠭ᠎ᠠ ᠵᠠᠩ ᠴᠢᠩ ᠴᠢᠩ᠄ | ︽ᠬᠤᠶᠠᠷ ᠢ ᠪᠠᠭᠠᠰᠬᠠᠬᠤ︾ ᠠᠵᠢᠯ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠤᠯᠤᠰ ᠠᠴᠠ ᠠᠩᠬᠠᠷᠴᠤ ᠪᠠᠶᠢᠭ᠎ᠠ᠂ ᠨᠡᠶᠢᠭᠡᠮ ᠤᠨ | ᠠᠩᠬᠠᠷᠴᠤ ᠪᠠᠶᠢᠭ᠎ᠠ᠂ ᠣᠯᠠᠨ ᠲᠦᠮᠡᠨ ᠤ ᠠᠩᠬᠠᠷᠴᠤ ᠪᠠᠶᠢᠭ᠎ᠠ ᠴᠢᠬᠤᠯᠠ ᠶᠡᠭᠡ ᠠᠷᠠᠳ ᠤᠨ ᠠᠮᠢᠳᠤᠷᠠᠯ ᠤᠨ | ᠢᠨᠵᠧᠨᠧᠷᠢᠩ ᠮᠥᠨ᠂ ᠡᠨᠡ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠬᠡᠲᠦ | ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ | ᠪᠦᠲᠦᠮᠵᠢᠲᠡᠶ ᠬᠥᠩᠭᠡᠷᠡᠭᠦᠯᠬᠦ ᠶᠢᠨ ᠲᠥᠯᠥᠭᠡ ᠶᠤᠮ᠃ ᠬᠥᠬᠡᠬᠤᠲᠠ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠴᠢᠩᠭ᠎ᠠ ᠵᠢᠷᠤᠮᠵᠢᠭᠤᠯᠤᠨ᠂ ᠠᠵᠢᠯ ᠢ | ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠭᠠᠯᠳᠤᠨ᠂ ᠰᠢᠨᠵᠢᠯᠡᠭᠡᠨ ᠤ ᠰᠠᠯᠠᠭ᠎ᠠ ᠶᠢᠨ | ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠶᠡᠭᠡ ᠪᠠᠷ ᠪᠠᠭᠠᠰᠬᠠᠨ | ᠵᠢᠷᠤᠮᠵᠢᠭᠤᠯᠬᠤ ᠶᠢᠨ ᠬᠠᠮᠲᠤ᠂ ᠡᠯ᠎ᠡ ᠲᠥᠷᠥᠯ ᠤᠨ ᠰᠢᠨᠵᠢᠯᠡᠭᠡᠨ ᠤ ᠰᠠᠯᠠᠭ᠎ᠠ ᠶᠢᠨ ᠪᠤᠰᠤ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠲᠦᠷᠭᠡᠨ ᠢᠶᠠᠷ ᠬᠥᠭᠵᠢᠪᠡ᠃ ᠡᠨᠡ ᠬᠦ ᠲᠥᠷᠥᠯ ᠤᠨ | ᠪᠠᠶᠢᠭᠤᠯᠤᠮᠵᠢ ᠨᠢ ᠡᠵᠡᠩᠨᠡᠯᠲᠡ ᠶᠢᠨ ᠳᠤᠮᠳᠠ ᠠᠯᠢ ᠣᠯᠠᠨ ᠠᠰᠠᠭᠤᠳᠠᠯ ᠢᠯᠡᠷᠡᠵᠦ᠂ ᠬᠢᠷᠢ ᠬᠡᠮ᠂ ᠲᠠᠯᠠᠪᠤᠷ ᠭᠠᠵᠠᠷ᠂ | ᠠᠵᠢᠯᠲᠠᠨ᠂ ᠬᠢᠴᠢᠶᠡᠯ᠂ ᠰᠦᠢᠳᠬᠡᠯ ᠬᠤᠷᠢᠶᠠᠬᠤ ᠵᠡᠷᠭᠡ ᠲᠠᠯ᠎ᠠ ᠪᠠᠷ ᠴᠥᠮ ᠵᠢᠷᠤᠮᠵᠢᠭᠤᠯᠤᠯᠲᠠ ᠶᠢ ᠴᠢᠩᠭᠠᠳᠬᠠᠬᠤ | ᠴᠢᠬᠤᠯᠠᠲᠠᠢ ᠪᠠᠶᠢᠨ᠎ᠠ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ | ᠮᠥᠴᠢᠷ ᠤᠳ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠰᠢᠨᠵᠢᠯᠡᠭᠡᠨ ᠤ ᠪᠤᠰᠤ | ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠢ ᠵᠢᠷᠤᠮᠵᠢᠭᠤᠯᠬᠤ ᠲᠤᠬᠠᠶ ᠰᠠᠨᠠᠯ︾ ᠢ ᠨᠡᠶᠢᠲᠡᠯᠡᠵᠦ᠂ ᠡᠯ᠎ᠡ | ᠭᠠᠵᠠᠷ ᠤᠨ ᠬᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ | ᠬᠥᠮᠦᠵᠢᠯ ᠢ ᠠᠬᠢᠭᠤᠯᠬᠤ ᠬᠠᠤᠯᠢ︾ ᠵᠢᠴᠢ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠪᠡᠶ᠎ᠡ ᠶᠢᠨ ᠲᠠᠮᠢᠷ᠂ | ᠰᠣᠶᠣᠯ ᠤᠷᠠᠯᠢᠭ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠥᠷᠥᠯ ᠢᠯᠭᠠᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠵᠤ᠂ ᠵᠣᠬᠢᠴᠠᠩᠭᠤᠶ | ᠭᠤᠤᠯᠴᠢᠯᠠᠨ ᠬᠠᠮᠢᠶᠠᠷᠬᠤ ᠨᠢᠭᠡᠴᠡ ᠶᠢ ᠲᠣᠳᠣᠷᠬᠠᠶᠢᠯᠠᠨ᠂ ᠬᠠᠮᠢᠶᠠᠷᠤᠯᠲᠠ ᠶᠢᠨ ᠲᠠᠰ ᠳᠠᠷᠠᠭᠠᠯᠠᠯ ᠢ | ᠲᠡᠭᠦᠯᠳᠡᠷᠵᠢᠭᠦᠯᠵᠦ᠂ ᠵᠥᠪᠰᠢᠶᠡᠷᠡᠨ ᠣᠷᠣᠭᠤᠯᠬᠤ ᠬᠢᠨᠠᠨ ᠵᠥᠪᠰᠢᠶᠡᠷᠡᠯ ᠪᠠ ᠪᠠᠶᠢᠩᠭᠤᠵᠢᠭᠰᠠᠨ ᠬᠢᠨᠠᠯᠲᠠ | ᠬᠠᠮᠢᠶᠠᠷᠤᠯᠲᠠ ᠶᠢ ᠥᠷᠨᠢᠭᠦᠯᠵᠦ᠂ ᠰᠣᠷᠣᠭᠴᠢ ᠪᠠ ᠬᠡᠷ ᠤᠨ ᠠᠬᠠᠮᠠᠳ ᠤᠨ ᠣᠯᠠᠨ ᠶᠠᠩᠵᠤ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠰᠢᠨᠵᠢᠯᠡᠭᠡᠨ ᠤ ᠪᠤᠰᠤ ᠲᠥᠷᠥᠯ ᠤᠨ ᠪᠣᠯᠪᠠᠰᠤᠷᠠᠭᠤᠯᠤᠯ ᠢ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠠᠰᠢᠭᠲᠠᠶ ᠨᠥᠬᠦᠪᠥᠷᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠬᠦᠲᠦᠯᠦᠭᠴᠢ᠄ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠰᠢᠨᠵᠢᠯᠡᠭᠡᠨ ᠤ ᠪᠤᠰᠤ ᠲᠥᠷᠥᠯ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠪᠠᠶᠢᠭᠤᠯᠬᠤ ᠶᠢ ᠬᠢᠨᠠᠨ ᠵᠥᠪᠰᠢᠶᠡᠷᠡᠬᠦ ᠲᠠᠯ᠎ᠠ ᠪᠠᠷ | ᠶᠠᠮᠠᠷ ᠶᠠᠮᠠᠷ ᠱᠠᠭᠠᠷᠳᠠᠯᠭ᠎ᠠ ᠪᠠᠶᠢᠬᠤ ᠪᠣᠶ︖ | ᠡᠷᠬᠢᠮ ᠵᠣᠴᠢᠳ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠬᠢᠭᠡᠳ ᠬᠢᠨᠠᠯᠲᠠ ᠲᠠᠯᠪᠢᠬᠤ ᠰᠠᠯᠠᠭᠠᠨ ᠤ ᠳᠡᠳ᠋ | ᠳᠠᠷᠤᠭ᠎ᠠ ᠵᠠᠩ ᠴᠢᠩ ᠴᠢᠩ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠳᠤ | ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠪᠠᠶᠢᠭᠤᠯᠬᠤ ᠶᠢ ᠬᠢᠨᠠᠨ ᠵᠥᠪᠰᠢᠶᠡᠷᠡᠬᠦ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠄ | ᠡᠩ ᠲᠡᠷᠢᠭᠦᠨ ᠳᠤ ᠦᠨᠳᠦᠰᠦᠨ ᠨᠥᠬᠦᠴᠡᠯ ᠪᠠᠶᠢᠵᠤ᠂ ᠬᠠᠤᠯᠢ ᠶᠣᠰᠣᠨ ᠤ ᠨᠡᠷᠡᠶᠢᠳᠦᠯ᠂ ᠴᠢᠬᠤᠯᠠ ᠪᠦᠬᠦᠢ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠵᠢᠷᠤᠮᠵᠢᠭᠰᠠᠨ ᠳᠦᠷᠢᠮ ᠪᠠ ᠪᠦᠷᠢᠨ ᠲᠡᠭᠦᠯᠳᠡᠷ ᠬᠠᠮᠢᠶᠠᠷᠤᠯᠲᠠ ᠶᠢᠨ | ᠳᠦᠷᠢᠮ ᠲᠠᠢ ᠪᠠᠶᠢᠵᠤ᠂ ᠪᠣᠯᠪᠠᠰᠤᠷᠠᠭᠤᠯᠤᠯ ᠤᠨ ᠪᠡᠯᠡ ᠮᠥᠩᠭᠦ ᠶᠢ ᠭᠦᠢᠴᠡᠳ ᠪᠥᠭᠡᠳ ᠲᠣᠭᠲᠠᠭᠤᠨ ᠢᠶᠠᠷ ᠨᠡᠭᠡᠭᠡᠨ | ᠡᠷᠬᠢᠯᠡᠵᠦ᠂ ᠲᠣᠭᠲᠠᠭᠠᠯ ᠤᠨ ᠲᠤᠰᠢᠶᠠᠯ ᠡᠭᠦᠷᠭᠡᠯᠡᠬᠦ ᠨᠥᠬᠦᠴᠡᠯ ᠳᠤ ᠨᠡᠶᠢᠴᠡᠭᠰᠡᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠰᠤᠷᠭᠠᠭᠤᠯᠢ ᠶᠢᠨ ᠵᠠᠬᠢᠷᠤᠯ ︵ᠵᠠᠰᠠᠭ ᠵᠠᠬᠢᠷᠭᠠᠨ ᠤ ᠬᠠᠷᠢᠭᠤᠴᠠᠯᠭᠠᠲᠠᠨ︶ ᠵᠢᠴᠢ ᠭᠤᠣᠯ | ᠬᠠᠮᠢᠶᠠᠷᠬᠤ ᠠᠵᠢᠯᠲᠠᠨ ᠪᠣᠯᠤᠨ᠎ᠠ᠃ ᠪᠣᠯᠪᠠᠰᠤᠷᠠᠭᠤᠯᠤᠯ ᠤᠨ ᠲᠥᠷᠥᠯ ᠢᠯᠭᠠᠯ᠂ ᠳᠡᠰ ᠳᠠᠪᠬᠤᠷᠭ᠎ᠠ ᠬᠢᠭᠡᠳ | ᠬᠡᠪᠴᠢᠶ᠎ᠡ ᠯᠦᠭᠡ ᠲᠣᠬᠢᠷᠠᠯᠴᠠᠭᠰᠠᠨ ᠪᠠᠶᠢᠪᠠᠯ᠂ ᠬᠢᠷᠢ ᠭᠡᠮ ᠲᠠᠢ ᠠᠵᠢᠯᠯᠠᠭᠰᠠᠳ ᠡᠷᠬᠢᠯᠡᠵᠦ ᠬᠢᠬᠦ | ᠪᠣᠯᠪᠠᠰᠤᠷᠠᠭᠤᠯᠤᠯ ᠤᠨ ᠲᠥᠷᠥᠯ ᠵᠦᠢᠯ ᠵᠢᠴᠢ ᠬᠡᠪᠴᠢᠶ᠎ᠡ ᠯᠦᠭᠡ ᠲᠣᠬᠢᠷᠠᠯᠴᠠᠭᠰᠠᠨ ᠰᠤᠷᠭᠠᠭᠤᠯᠢ ᠡᠷᠬᠢᠯᠡᠬᠦ ᠭᠠᠵᠠᠷ | ᠵᠢᠴᠢ ᠪᠡᠯᠡᠳᠬᠡᠮᠵᠢ ᠲᠥᠬᠦᠭᠡᠷᠦᠮᠵᠢ ᠲᠠᠢ ᠪᠠᠶᠢᠬᠤ ᠬᠡᠷᠡᠭᠲᠡᠶ᠃ ᠪᠣᠯᠪᠠᠰᠤᠷᠠᠭᠤᠯᠬᠤ ᠲᠥᠷᠥᠯ ᠵᠦᠢᠯ ᠯᠦᠭᠡ | ᠲᠣᠬᠢᠷᠠᠯᠴᠠᠭᠰᠠᠨ ᠬᠢᠴᠢᠶᠡᠯ ︵ᠪᠣᠯᠪᠠᠰᠤᠷᠠᠭᠤᠯᠤᠯ︶ ᠲᠥᠯᠥᠪᠯᠡᠭᠡ ᠵᠢᠴᠢ ᠱᠠᠭᠠᠷᠳᠠᠯᠭ᠎ᠠ ᠳᠤ ᠨᠡᠶᠢᠴᠡᠬᠦ | ᠪᠣᠯᠪᠠᠰᠤᠷᠠᠭᠤᠯᠤᠯ ᠤᠨ ᠮᠠᠲ᠋ᠧᠷᠢᠶᠠᠯ ᠵᠡᠷᠭᠡ ᠪᠤᠶ᠃ | ᠬᠤᠶᠠᠷ ᠲᠤ᠂ ᠪᠠᠶᠢᠭᠤᠯᠤᠮᠵᠢ ᠶᠢᠨ ᠨᠡᠷᠡᠶᠢᠳᠦᠯ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠷᠡᠶᠢᠳᠦᠯ ᠨᠢ | ᠰᠤᠷᠭᠠᠭᠤᠯᠢ ᠡᠷᠭᠢᠯᠡᠬᠦ ᠲᠥᠷᠥᠯ ᠵᠦᠢᠯ ᠯᠦᠭᠡ ᠬᠠᠷᠢᠯᠴᠠᠨ ᠨᠡᠶᠢᠴᠡᠵᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠳᠡᠩᠰᠡᠯᠡᠨ ᠬᠠᠮᠢᠶᠠᠷᠬᠤ ᠪᠠ ᠰᠤᠷᠭᠠᠨ | ᠬᠥᠮᠦᠵᠢᠯ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠯᠤᠭ᠎ᠠ ᠬᠠᠷᠢᠯᠴᠠᠨ | ᠨᠡᠶᠢᠴᠡᠭᠰᠡᠨ ᠪᠠᠶᠢᠬᠤ ᠬᠡᠷᠡᠭᠲᠡᠶ᠃ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠷᠡᠶᠢᠳᠦᠯ ᠨᠢ ᠵᠠᠰᠠᠭ ᠵᠠᠬᠢᠷᠭᠠᠨ ᠤ | ᠣᠷᠣᠨ ᠤ ᠬᠤᠪᠢᠶᠠᠷᠢᠯᠠᠯ᠂ ᠦᠰᠦᠭ ᠤᠨ ᠨᠣᠮᠧᠷ᠂ ᠠᠵᠢᠯ ︵ᠠᠵᠢᠯ︶ ᠪᠤᠶᠤ ᠲᠤᠬᠠᠶᠢᠯᠠᠭᠰᠠᠨ ᠠᠵᠢᠯ ᠤᠨ ᠬᠦᠷᠢᠶ᠎ᠡ | ᠬᠡᠪᠴᠢᠶ᠎ᠡ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠷ ᠪᠦᠷᠢᠯᠳᠦᠬᠦ ᠬᠡᠷᠡᠭᠲᠡᠶ᠃ ᠵᠠᠰᠠᠭ ᠵᠠᠬᠢᠷᠭᠠᠨ ᠤ | ᠬᠤᠪᠢᠶᠠᠷᠢᠯᠠᠯ᠄ ᠡᠩ ᠤᠨ ᠬᠤᠲᠠ ᠶᠢᠨ ᠬᠠᠷᠢᠶ᠎ᠠ ᠲᠣᠭᠤᠷᠢᠭ ᠨᠢ ︽ᠲᠣᠭᠤᠷᠢᠭ ᠪᠠᠶᠢᠭᠤᠯᠤᠭᠰᠠᠨ ᠬᠤᠲᠠ + | ᠬᠤᠲᠠ ᠶᠢᠨ ᠬᠠᠷᠢᠶ᠎ᠠ ᠲᠣᠭᠤᠷᠢᠭ︾ ᠤᠨ ᠪᠦᠲᠦᠴᠡ ᠪᠤᠶᠤ ︽ᠬᠤᠰᠢᠭᠤ ︵ᠰᠢᠶᠠᠨ᠂ ᠬᠤᠲᠠ︶︾ ᠶᠢᠨ | ᠪᠦᠲᠦᠴᠡ ᠶᠢ ᠬᠡᠷᠡᠭᠯᠡᠨ᠎ᠡ᠃ ᠬᠤᠶᠠᠷ ᠠᠴᠠ ᠳᠡᠭᠡᠭᠰᠢᠬᠢ ᠵᠢᠷᠤᠮᠵᠢᠭᠰᠠᠨ ᠬᠢᠲᠠᠳ ᠦᠰᠦᠭ ᠢᠶᠠᠷ ᠪᠦᠷᠢᠯᠳᠦᠵᠦ᠂ | ᠤᠯᠤᠰ ︵ᠭᠠᠵᠠᠷ ᠣᠷᠣᠨ︶᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠲᠥᠷᠥ ᠶᠢᠨ ᠨᠠᠮ᠂ ᠨᠡᠶᠢᠭᠡᠮ ᠤᠨ | ᠪᠦᠯᠬᠦᠮ ᠤᠨ ᠵᠣᠬᠢᠶᠠᠨ ᠪᠠᠶᠢᠭᠤᠯᠤᠯᠲᠠ᠂ ᠴᠡᠷᠢᠭ ᠠᠩᠭᠢ ᠶᠢᠨ ᠳ᠋ᠤᠭᠠᠷ ᠢ ᠬᠡᠷᠡᠭᠯᠡᠵᠦ ᠪᠣᠯᠬᠤ ᠦᠭᠡᠢ᠂ ︽ᠳᠤᠮᠳᠠᠳᠤ | ᠤᠯᠤᠰ︾ ︽ᠪᠦᠬᠦ ᠨᠠᠶᠢᠷᠠᠮᠳᠤᠬᠤ ᠳᠤᠮᠳᠠᠲᠤ ᠠᠷᠠᠳ ᠤᠯᠤᠰ︾᠂ ︽ᠣᠯᠠᠨ ᠤᠯᠤᠰ︾᠂ ︽ᠳᠡᠯᠡᠬᠡᠢ ᠶᠢᠷᠲᠢᠨᠴᠦ | ︾ ᠵᠡᠷᠭᠡ ᠦᠰᠦᠭ ᠢᠶᠠᠷ ᠬᠡᠯᠡᠵᠦ ᠪᠣᠯᠬᠤ ᠦᠭᠡᠢ᠃ ᠠᠵᠢᠯ ᠲᠥᠷᠥᠯ ᠤᠨ ᠥᠭᠦᠯᠡᠯᠲᠡ᠄ ᠠᠰᠢᠭ ᠬᠤᠨᠵᠢᠪᠣᠷᠢ ᠶᠢᠨ | ᠪᠤᠰᠤ ᠴᠢᠨᠠᠷᠲᠠᠶ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ︽ᠬᠤᠪᠢᠶᠠᠨ︾ ᠭᠡᠵᠦ ᠥᠭᠦᠯᠡᠨ᠎ᠡ᠃ ᠠᠰᠢᠭ | ᠬᠤᠨᠵᠢᠪᠣᠷᠢ ᠶᠢᠨ ᠪᠤᠰᠤ ᠴᠢᠨᠠᠷᠲᠠᠶ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ︽ᠬᠤᠪᠢᠶᠠᠨ︾ ᠭᠡᠵᠦ ᠲᠣᠭᠠᠴᠢᠨ᠎ᠠ᠃ | ᠥᠭᠦᠯᠡᠬᠦ ᠶᠠᠪᠤᠴᠠ ᠳᠤ ᠰᠢᠨᠵᠢᠯᠡᠭᠡᠨ ᠤ ᠲᠥᠷᠥᠯ ᠪᠤᠶᠤ ᠰᠤᠷᠭᠠᠭᠤᠯᠢ ᠡᠷᠭᠢᠯᠡᠬᠦ ᠣᠨᠴᠠᠯᠢᠭ ᠵᠡᠷᠭᠡ ᠶᠢ ᠢᠯᠡᠷᠡᠭᠦᠯᠵᠦ | ᠪᠣᠯᠤᠨ᠎ᠠ᠃ ᠵᠢᠱᠢᠶᠡᠯᠡᠪᠡᠯ᠂ ︽ᠮᠢᠭᠮᠡᠨ ᠰᠢᠲᠠᠷ᠎ᠠ ᠶᠢᠨ ᠪᠣᠯᠪᠠᠰᠤᠷᠠᠭᠤᠯᠤᠯ︾᠂ ︽ᠪᠥᠵᠢᠭ ᠤᠨ ᠪᠣᠯᠪᠠᠰᠤᠷᠠᠯ︾ | ᠵᠡᠷᠭᠡ ᠵᠣᠬᠢᠶᠠᠨ ᠪᠠᠶᠢᠭᠤᠯᠤᠯᠲᠠ ᠶᠢᠨ ᠬᠡᠯᠪᠡᠷᠢ᠄ ᠶᠡᠷᠦ ᠳᠡᠭᠡᠨ ︽ᠰᠤᠷᠭᠠᠭᠤᠯᠢ︾᠂ ︽ᠲᠥᠪ︾᠂ ︽ᠬᠢᠵᠠᠭᠠᠷᠲᠤ | ᠺᠣᠮᠫᠠᠨᠢ︾᠂ ︽ᠬᠢᠵᠠᠭᠠᠷᠲᠤ ᠬᠠᠷᠢᠭᠤᠴᠠᠯᠭᠠᠲᠤ ᠺᠣᠮᠫᠠᠨᠢ︾᠂ ︽ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ︾ | ᠵᠡᠷᠭᠡ ᠭᠡᠵᠦ ᠨᠡᠷᠡᠶᠢᠳᠴᠦ᠂ ᠪᠣᠳᠠᠲᠠᠶ ᠳᠠᠩᠰᠠᠯᠠᠬᠤ ᠲᠥᠷᠥᠯ ᠬᠡᠯᠪᠡᠷᠢ ᠪᠠᠷ ᠰᠣᠩᠭᠤᠨ ᠬᠡᠷᠡᠭᠯᠡᠵᠦ ᠪᠣᠯᠬᠤ ᠦᠭᠡᠢ᠂ ︽ | ᠶᠡᠷᠦᠩᠬᠡᠶ︾ ᠦᠰᠦᠭ ᠢ ᠬᠡᠷᠡᠭᠯᠡᠵᠦ ᠪᠣᠯᠬᠤ ᠦᠭᠡᠢ᠃ ᠠᠰᠢᠭ ᠣᠯᠵᠠᠪᠤᠷᠢ ᠶᠢᠨ ᠪᠤᠰᠤ ᠴᠢᠨᠠᠷᠲᠠᠶ | ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠵᠤ ᠪᠣᠯᠬᠤ ᠦᠭᠡᠶ᠃ | ᠭᠤᠷᠪᠠ ᠳᠤ᠂ ᠪᠡᠯᠡ ᠮᠥᠩᠭᠦ ᠪᠠ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ | ᠪᠣᠯᠪᠠᠰᠤᠷᠠᠭᠤᠯᠤᠯ ᠤᠨ ᠠᠭᠤᠯᠭ᠎ᠠ ᠪᠠ ᠪᠣᠯᠪᠠᠰᠤᠷᠠᠭᠤᠯᠤᠯ ᠤᠨ ᠬᠡᠪᠴᠢᠶ᠎ᠡ ᠲᠠᠢ ᠲᠣᠬᠢᠷᠠᠯᠴᠠᠭᠰᠠᠨ ᠪᠡᠯᠡ ᠮᠥᠩᠭᠦ ᠶᠢᠨ | ᠣᠷᠣᠭᠤᠯᠤᠯᠲᠠ ᠲᠠᠢ ᠪᠠᠶᠢᠬᠤ ᠬᠡᠷᠡᠭᠲᠡᠶ᠃ ᠳᠠᠩᠰᠠᠯᠠᠭᠤᠯᠤᠭᠰᠠᠨ ᠬᠥᠷᠥᠩᠭᠡ ᠨᠢ ᠡᠷᠬᠡᠪᠰᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠺᠣᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠶᠢ | ᠳᠠᠩᠰᠠᠯᠠᠬᠤ ᠬᠠᠮᠢᠶᠠᠷᠤᠯᠲᠠ ᠶᠢᠨ ᠲᠣᠭᠲᠠᠭᠠᠯ︾᠂ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ | ᠨᠢᠭᠡᠴᠡ ᠶᠢ ᠳᠠᠩᠰᠠᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠠᠵᠢᠯᠯᠠᠭᠰᠠᠳ ᠲᠤ ᠵᠢᠭᠠᠨ ᠰᠤᠷᠭᠠᠬᠤ ᠠᠵᠢᠯᠲᠠᠨ᠂ ᠵᠢᠭᠠᠨ ᠰᠤᠳᠤᠯᠬᠤ ᠠᠵᠢᠯᠲᠠᠨ ᠪᠣᠯᠤᠨ | ᠪᠤᠰᠤᠳ ᠬᠥᠮᠦᠰ ᠢ ᠪᠠᠭᠲᠠᠭᠠᠨ᠎ᠠ᠃ ᠵᠢᠭᠠᠨ ᠰᠤᠷᠭᠠᠬᠤ ᠠᠵᠢᠯᠲᠠᠨ ᠭᠡᠳᠡᠭ ᠨᠢ ᠪᠣᠯᠪᠠᠰᠤᠷᠠᠭᠤᠯᠤᠯ ᠤᠨ ᠬᠢᠴᠢᠶᠡᠯ ᠢ | ᠡᠭᠦᠷᠭᠡᠯᠡᠭᠰᠡᠨ ᠬᠥᠮᠦᠰ ᠢ ᠵᠢᠭᠠᠵᠤ ᠪᠣᠶ᠃ ᠵᠢᠭᠠᠬᠤ ᠶᠢ ᠰᠤᠳᠤᠯᠬᠤ ᠠᠵᠢᠯᠲᠠᠨ ᠪᠣᠯ ᠪᠣᠯᠪᠠᠰᠤᠷᠠᠭᠤᠯᠤᠨ | ᠰᠤᠳᠤᠯᠤᠭᠴᠢ ᠶᠢ ᠵᠢᠭᠠᠵᠤ ᠪᠠᠶᠢᠨ᠎ᠠ᠃ ᠪᠤᠰᠤᠳ ᠬᠥᠮᠦᠰ ᠨᠢ ᠬᠠᠪᠰᠤᠷᠤᠨ ᠰᠤᠷᠭᠠᠬᠤ᠂ ᠳᠠᠭᠠᠭᠤᠯᠤᠨ ᠳᠠᠭᠠᠭᠤᠯᠬᠤ | ᠵᠡᠷᠭᠡ ᠬᠠᠪᠰᠤᠷᠬᠤ ᠬᠥᠮᠦᠰ ᠢ ᠵᠢᠭᠠᠵᠤ ᠪᠤᠶ᠃ ᠵᠢᠭᠠᠨ ᠰᠤᠷᠭᠠᠯᠲᠠ᠂ ᠵᠢᠭᠠᠨ ᠰᠤᠳᠤᠯᠬᠤ ᠠᠵᠢᠯᠲᠠᠨ ᠤ ᠦᠨᠳᠦᠰᠦᠨ | ᠮᠡᠳᠡᠭᠡ ᠵᠠᠩᠭᠢ ︵ᠣᠪᠣᠭ ᠨᠡᠷ᠎ᠡ᠂ ᠭᠡᠷᠡᠯ ᠵᠢᠷᠤᠭ ᠵᠡᠷᠭᠡ︶᠂ ᠪᠠᠭᠰᠢ ᠶᠢᠨ ᠬᠢᠷᠢ ᠬᠡᠮ᠂ ᠪᠠᠭᠰᠢᠯᠠᠭᠰᠠᠨ ᠥᠩᠭᠡᠷᠡᠯᠲᠡ | ᠂ ᠵᠢᠭᠠᠨ ᠰᠤᠷᠭᠠᠯᠲᠠ ᠶᠢᠨ ᠬᠢᠴᠢᠶᠡᠯ ᠵᠡᠷᠭᠡ ᠮᠡᠳᠡᠭᠡ ᠵᠠᠩᠭᠢ ᠶᠢ ᠪᠠᠶᠢᠭᠤᠯᠤᠮᠵᠢ ᠶᠢᠨ ᠪᠣᠯᠪᠠᠰᠤᠷᠠᠭᠤᠯᠤᠯ ᠤᠨ ᠲᠠᠯᠠᠪᠤᠷ | ᠭᠠᠵᠠᠷ ᠵᠢᠴᠢ ᠲᠠᠪᠴᠠᠩ᠂ ᠰᠦᠯᠵᠢᠶᠡᠨ ᠤ ᠢᠯᠡᠷᠬᠡᠶ ᠣᠷᠣᠨ ᠪᠠᠶᠢᠷᠢ ᠳᠤ ᠢᠯᠡ ᠨᠡᠶᠢᠲᠡᠯᠡᠬᠦ ᠶᠢᠨ ᠬᠠᠮᠲᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠳᠤ ᠴᠠᠭ ᠲᠤᠬᠠᠶ ᠳᠤᠨᠢ ᠳᠠᠩᠰᠠᠯᠠᠭᠤᠯᠬᠤ ᠬᠡᠷᠡᠭᠲᠡᠶ᠃ ᠪᠤᠰᠤᠳ ᠠᠵᠢᠯᠯᠠᠭᠰᠠᠳ ᠤᠨ ᠮᠡᠳᠡᠭᠡ ᠵᠠᠩᠭᠢ ᠶᠢ | ᠪᠠᠶᠢᠭᠤᠯᠤᠮᠵᠢ ᠶᠢᠨ ᠳᠣᠲᠣᠭᠠᠳᠤ ᠳᠤ ᠨᠡᠶᠢᠲᠡᠯᠡᠬᠦ ᠬᠡᠷᠡᠭᠲᠡᠶ᠃ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠶ | ᠲᠤᠰᠢᠶᠠᠯ ᠤᠨ ᠵᠢᠭᠠᠨ ᠰᠤᠷᠭᠠᠬᠤ᠂ ᠵᠢᠭᠠᠨ ᠰᠤᠳᠤᠯᠬᠤ ᠠᠵᠢᠯᠲᠠᠨ ᠢ ᠪᠠᠶᠢᠭᠤᠯᠤᠮᠵᠢ ᠶᠢᠨ ᠠᠵᠢᠯᠯᠠᠭᠰᠠᠳ ᠤᠨ | ᠶᠡᠷᠦᠩᠬᠡᠶ ᠲᠣᠭᠠᠨ ᠤ 50% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠮᠥᠷᠲᠡᠭᠡᠨ ᠳᠠᠩ ᠭᠠᠭᠴᠠ ᠵᠢᠭᠠᠨ | ᠰᠤᠷᠭᠠᠬᠤ ᠲᠠᠯᠠᠪᠤᠷ ᠤᠨ ᠲᠤᠰᠬᠠᠶ ᠲᠤᠰᠢᠶᠠᠯ ᠤᠨ ᠵᠢᠭᠠᠨ ᠰᠤᠷᠭᠠᠬᠤ ᠠᠵᠢᠯᠲᠠᠨ ᠢ 3% ᠠᠴᠠ ᠳᠣᠤᠷ᠎ᠠ ᠪᠠᠶᠢᠯᠭᠠᠵᠤ | ᠪᠣᠯᠬᠤ ᠦᠭᠡᠶ᠃ ᠠᠩᠭᠢ ᠪᠦᠷᠢ ᠶᠢᠨ ᠲᠤᠰᠬᠠᠶ ᠲᠤᠰᠢᠶᠠᠯ ᠲᠠᠢ ᠵᠢᠭᠠᠨ ᠰᠤᠷᠭᠠᠬᠤ ᠠᠵᠢᠯᠲᠠᠨ ᠨᠢ ᠰᠤᠷᠤᠭᠴᠢ ᠶᠢᠨ | ᠬᠥᠮᠦᠨ ᠤ ᠲᠣᠭᠠᠨ ᠤ 2% ᠠᠴᠠ ᠳᠣᠤᠷ᠎ᠠ ᠦᠭᠡᠶ ᠪᠠᠶᠢᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠤᠨ ᠪᠤᠰᠤ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠨᠤᠭᠤᠳ ᠵᠣᠬᠢᠴᠠᠩᠭᠤᠶ ᠪᠦᠬᠦᠢ ᠪᠠᠭᠰᠢ ᠶᠢᠨ ᠬᠢᠷᠢ ᠭᠡᠮ ᠤᠨ ᠦᠨᠡᠮᠯᠡᠯ ᠪᠤᠶᠤ ᠲᠤᠰ ᠲᠥᠷᠥᠯ | ᠢᠯᠭᠠᠯ ᠤᠨ ᠵᠣᠬᠢᠴᠠᠩᠭᠤᠶ ᠪᠦᠬᠦᠢ ᠬᠢᠷᠢ ᠭᠡᠮ ᠢ ᠪᠦᠷᠢᠯᠳᠦᠭᠦᠯᠬᠦ ᠬᠡᠷᠡᠭᠲᠡᠶ᠃ ᠳᠥᠷᠪᠡᠳᠦᠭᠡᠷ ᠨᠢ ᠰᠤᠷᠭᠠᠭᠤᠯᠢ | ᠡᠷᠬᠢᠯᠡᠬᠦ ᠲᠠᠯᠠᠪᠤᠷ ︵ᠭᠠᠵᠠᠷ︶ ᠨᠢ ᠪᠠᠷᠢᠯᠭ᠎ᠠ᠂ ᠭᠠᠯ ᠤᠨᠲᠠᠷᠠᠭᠠᠬᠤ᠂ ᠠᠮᠤᠷ ᠲᠦᠪᠰᠢᠨ᠂ ᠡᠷᠡᠭᠦᠯ ᠬᠠᠮᠠᠭᠠᠯᠠᠯ᠂ | ᠣᠷᠴᠢᠨ ᠲᠣᠭᠤᠷᠢᠨ ᠤ ᠬᠠᠮᠠᠭᠠᠯᠠᠯᠲᠠ᠂ ᠭᠠᠵᠠᠷ ᠬᠥᠳᠡᠯᠦᠯᠲᠡ ᠶᠢ ᠳᠠᠭᠠᠭᠠᠬᠤ ᠵᠡᠷᠭᠡ ᠠᠮᠤᠷ ᠲᠦᠪᠰᠢᠨ ᠤ | ᠱᠠᠭᠠᠷᠳᠠᠯᠭ᠎ᠠ ᠳᠤ ᠨᠡᠶᠢᠴᠡᠵᠦ᠂ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ | ᠰᠡᠷᠭᠡᠶᠢᠯᠡᠬᠦ︾ ᠭᠤᠷᠪᠠ ᠶᠢ ᠨᠢᠭᠡ ᠴᠤᠭᠴᠠᠵᠢᠭᠤᠯᠤᠭᠰᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮᠵᠢ ᠶᠢ | ᠪᠠᠶᠢᠭᠤᠯᠵᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠬᠤ ᠶᠢᠨ | ᠬᠠᠮᠲᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠬᠦ ᠬᠡᠷᠡᠭᠲᠡᠶ᠃ | ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠪᠣᠯᠪᠠᠰᠤᠷᠠᠭᠤᠯᠤᠯ ᠳᠤ ᠣᠷᠣᠯᠴᠠᠬᠤ ᠡᠲᠡᠭᠡᠳ ᠲᠡᠭᠡᠨ | ᠪᠡᠶ᠎ᠡ ᠶᠢᠨ ᠠᠮᠤᠷ ᠲᠦᠪᠰᠢᠨ ᠤ ᠳᠠᠭᠠᠳᠬᠠᠯ ᠬᠤᠳᠠᠯᠳᠤᠨ ᠠᠪᠬᠤ ᠵᠡᠷᠭᠡ ᠴᠢᠬᠤᠯᠠ ᠪᠦᠬᠦᠢ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠮᠤᠷ ᠲᠦᠪᠰᠢᠨ ᠤ ᠠᠳᠡᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠶ᠃ | ᠰᠤᠷᠭᠠᠭᠤᠯᠢ ᠡᠷᠬᠢᠯᠡᠬᠦ ᠭᠠᠵᠠᠷ ︵ᠲᠤᠰᠬᠠᠶ ᠣᠷᠣᠨ︶ ᠨᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ | ᠨᠥᠯᠥᠭᠡᠯᠡᠬᠦ ᠪᠠ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ | ᠲᠠᠯᠠᠪᠤᠷ ᠠᠴᠠ ᠵᠠᠶᠢᠯᠠᠭᠤᠯᠵᠤ᠂ ᠣᠷᠣᠰᠢᠭᠤᠯᠭ᠎ᠠ ᠶᠢᠨ ᠭᠠᠵᠠᠷ᠂ ᠡᠮᠨᠡᠯᠭᠡ ᠶᠢᠨ ᠬᠤᠷᠢᠶᠠᠨ ᠤ ᠲᠠᠶᠢᠫᠢᠩ ᠬᠤᠭᠤᠷᠣᠨᠳᠣ | ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠭᠢᠨᠳᠠᠨ ᠪᠣᠯᠤᠨ ᠰᠠᠬᠢᠨ ᠬᠠᠷᠠᠬᠤ ᠭᠠᠵᠠᠷ ᠵᠡᠷᠭᠡ | ᠪᠠᠷᠢᠯᠭ᠎ᠠ ᠠᠴᠠ ᠬᠤᠯᠠ ᠪᠠᠶᠢᠯᠭᠠᠬᠤ ᠬᠡᠷᠡᠭᠲᠡᠶ᠃ ᠪᠠᠭ᠎ᠠ ᠰᠤᠷᠭᠠᠭᠤᠯᠢ ᠶᠢᠨ ᠰᠤᠷᠤᠭᠴᠢᠳ ᠢ ᠡᠯᠰᠡᠬᠦ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠥᠪᠬᠡᠨ ᠪᠠᠷᠢᠯᠭ᠎ᠠ ᠶᠢᠨ 4 ᠳᠠᠪᠬᠤᠷᠭ᠎ᠠ ᠵᠢᠴᠢ ᠲᠡᠭᠦᠨ ᠠᠴᠠ ᠳᠣᠷᠣᠭᠰᠢ | ᠲᠣᠬᠢᠷᠠᠭᠤᠯᠵᠤ ᠪᠣᠯᠤᠨ᠎ᠠ᠃ ᠳᠤᠮᠳᠠᠳᠤ ᠰᠤᠷᠭᠠᠭᠤᠯᠢ ᠶᠢᠨ ᠰᠤᠷᠤᠭᠴᠢ ᠶᠢ ᠡᠯᠰᠡᠬᠦ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠵᠥᠪᠬᠡᠨ ᠪᠠᠷᠢᠯᠭ᠎ᠠ ᠶᠢᠨ 5 ᠳᠠᠪᠬᠤᠷᠭ᠎ᠠ ᠵᠢᠴᠢ ᠳᠣᠷᠣᠭᠰᠢᠬᠢ᠂ ᠰᠠᠭᠤᠭᠠᠯᠢ ᠠᠷᠠᠳ ᠤᠨ ᠣᠷᠣᠨ | ᠰᠠᠭᠤᠴᠠ᠂ ᠭᠠᠵᠠᠷ ᠳᠣᠤᠷᠠᠬᠢ ᠭᠡᠷ᠂ ᠠᠭᠠᠷ ᠤᠨ ᠳᠠᠪᠬᠤᠷᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠭᠡᠷ ᠪᠠ | ᠳᠥᠭᠦᠮ ᠣᠷᠣᠨ ᠰᠠᠭᠤᠴᠠ ᠵᠡᠷᠭᠡ ᠶᠢ ᠪᠣᠯᠪᠠᠰᠤᠷᠠᠭᠤᠯᠤᠯ ᠤᠨ ᠰᠤᠷᠭᠠᠭᠤᠯᠢ ᠡᠷᠬᠢᠯᠡᠬᠦ ᠲᠠᠯᠠᠪᠤᠷ ᠪᠣᠯᠭᠠᠵᠤ ᠪᠣᠯᠬᠤ | ᠦᠭᠡᠶ᠃ ᠲᠠᠪᠤ ᠳᠤ᠂ ᠪᠣᠯᠪᠠᠰᠤᠷᠠᠭᠤᠯᠤᠯ ᠤᠨ ᠲᠥᠷᠥᠯ ᠵᠦᠶ᠋ᠯ ᠤᠨ ᠠᠭᠤᠯᠭ᠎ᠠ ᠵᠢᠴᠢ ᠴᠠᠭ ᠬᠤᠭᠤᠴᠠᠭ᠎ᠠ᠃ | ᠪᠣᠯᠪᠠᠰᠤᠷᠠᠭᠤᠯᠤᠯ ᠤᠨ ᠴᠠᠭ ᠨᠢ ᠲᠤᠬᠠᠶ ᠶᠢᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ | ᠴᠠᠭ ᠲᠠᠢ ᠬᠠᠷᠰᠢᠯᠳᠤᠵᠤ ᠪᠣᠯᠬᠤ ᠥᠬᠡᠶ᠂ ᠪᠣᠯᠪᠠᠰᠤᠷᠠᠭᠤᠯᠤᠯ ᠲᠡᠭᠦᠰᠬᠦ ᠴᠠᠭ ᠨᠢ 20᠄ 30 ᠠᠴᠠ ᠣᠷᠣᠶ ᠪᠠᠶᠢᠵᠤ | ᠪᠣᠯᠬᠤ ᠥᠬᠡᠶ᠃ ᠬᠢᠴᠢᠶᠡᠯ ᠲᠥᠷᠥᠯ ᠤᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠬᠡᠯᠪᠡᠷᠢ ᠶᠢ ᠨᠢ | ᠥᠭᠡᠷᠡᠲᠦᠭᠦᠯᠦᠨ ᠲᠣᠭᠲᠠᠭᠠᠯ ᠠᠴᠠ ᠵᠥᠷᠢᠴᠡᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠤᠨ ᠠᠵᠢᠯᠯᠠᠭ᠎ᠠ | ᠥᠷᠨᠢᠭᠦᠯᠵᠦ ᠪᠣᠯᠬᠤ ᠦᠭᠡᠶ᠃ ᠵᠢᠷᠭᠤᠭ᠎ᠠ ᠳᠤ᠂ ᠰᠦᠢᠳᠬᠡᠯ ᠬᠤᠷᠢᠶᠠᠬᠤ ᠳᠤ᠂ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠨᠢ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ | ᠰᠤᠷᠭᠠᠨ ᠬᠥᠮᠦᠵᠢᠯ ᠤᠨ ᠶᠠᠮᠤᠨ ᠵᠡᠷᠭᠡ ᠵᠢᠷᠭᠤᠭᠠᠨ ᠰᠠᠯᠠᠭ᠎ᠠ ᠮᠥᠴᠢᠷ ᠤᠨ ᠮᠡᠳᠡᠭᠳᠡᠯ︾ ᠪᠣᠯᠤᠨ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠶᠢ ᠪᠦᠬᠦᠨ ᠢ ᠬᠢᠨᠠᠨ ᠬᠠᠮᠢᠶᠠᠷᠬᠤ | ᠬᠡᠪᠴᠢᠶᠡᠨ ᠳᠤ ᠣᠷᠣᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠰᠦᠢᠳᠬᠡᠯ ᠬᠤᠷᠢᠶᠠᠬᠤ ᠲᠥᠷᠥᠯ ᠵᠦᠢᠯ ᠬᠢᠭᠡᠳ ᠪᠠᠷᠢᠮᠵᠢᠶ᠎ᠠ ᠶᠢ ᠰᠤᠷᠭᠠᠭᠤᠯᠢ | ᠡᠷᠬᠢᠯᠡᠬᠦ ᠭᠠᠵᠠᠷ ᠲᠠᠯᠠᠪᠤᠷ᠂ ᠰᠦᠯᠵᠢᠶᠡᠨ ᠥᠷᠲᠡᠭᠡ ᠵᠡᠷᠭᠡ ᠢᠯᠡᠷᠬᠡᠶ ᠣᠷᠣᠨ ᠪᠠᠶᠢᠷᠢ ᠳᠤ ᠨᠡᠶᠢᠲᠡᠯᠡᠬᠦ ᠶᠢᠨ ᠬᠠᠮᠲᠤ | ᠪᠣᠯᠪᠠᠰᠤᠷᠠᠭᠤᠯᠤᠯ ᠤᠨ ᠦᠢᠯᠡᠴᠢᠯᠡᠭᠡᠨ ᠠᠴᠠ ᠡᠮᠦᠨ᠎ᠡ ᠰᠤᠷᠤᠭᠴᠢᠳ ᠲᠤ ᠢᠯᠡ ᠨᠡᠶᠢᠲᠡᠯᠡᠬᠦ ᠬᠡᠷᠡᠭᠲᠡᠶ᠃ | ᠬᠦᠲᠦᠯᠦᠭᠴᠢ᠄ | ᠥᠷᠭᠡᠨ ᠣᠯᠠᠨ ᠬᠡᠷ ᠤᠨ ᠠᠬᠠᠮᠠᠳ ᠪᠣᠯᠤᠨ ᠰᠤᠷᠤᠭᠴᠢᠳ ᠰᠤᠷᠭᠠᠨ ᠬᠥᠮᠦᠵᠢᠯ ᠤᠨ ᠪᠣᠯᠪᠠᠰᠤᠷᠠᠯ ᠤᠨ | ᠪᠠᠶᠢᠭᠤᠯᠤᠮᠵᠢ ᠶᠢ ᠬᠡᠷᠬᠢᠨ ᠰᠣᠩᠭᠤᠪᠠᠯ ᠰᠠᠶ᠋ᠢ ᠮᠡᠬᠡᠯᠡᠭᠳᠡᠬᠦ ᠥᠬᠡᠶ ᠪᠠᠶᠢᠵᠤ ᠴᠢᠳᠠᠬᠤ ᠪᠣᠶ︖ | ᠡᠷᠬᠢᠮ ᠵᠣᠴᠢᠳ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠬᠢᠭᠡᠳ ᠬᠢᠨᠠᠯᠲᠠ ᠲᠠᠯᠪᠢᠬᠤ ᠰᠠᠯᠠᠭᠠᠨ ᠤ ᠳᠡᠳ᠋ | ᠳᠠᠷᠤᠭ᠎ᠠ ᠵᠠᠩ ᠴᠢᠩ ᠴᠢᠩ᠄ | ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨ ᠬᠥᠭᠵᠢᠯᠲᠡ ᠲᠦᠷᠭᠡᠨ ᠪᠠᠶᠢᠵᠤ᠂ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠤᠨ ᠦᠢᠯᠡᠳᠬᠦᠨ ᠴᠦ ᠬᠦᠷ ᠬᠥᠭᠵᠢᠶᠡᠨ ᠲᠠᠢ ᠬᠥᠭᠵᠢᠵᠦ᠂ ᠥᠷᠭᠡᠨ | ᠣᠯᠠᠨ ᠰᠣᠷᠣᠭᠴᠢ ᠶᠢᠨ ᠬᠡᠷ ᠤᠨ ᠠᠬᠠᠮᠠᠳ ᠲᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠰᠢᠭᠲᠠᠶ | ᠨᠥᠬᠦᠪᠥᠷᠢ ᠬᠠᠩᠭᠠᠭᠰᠠᠨ ᠪᠠᠶᠢᠨ᠎ᠠ᠃ ᠡᠭᠦᠨ ᠤ ᠵᠡᠷᠭᠡᠴᠡᠭᠡᠪᠡᠷ᠂ ᠤᠷᠢᠳᠴᠢᠯᠠᠨ ᠰᠦᠢᠳᠬᠡᠯ ᠲᠤᠰᠢᠶᠠᠬᠤ ᠶᠠᠪᠤᠳᠠᠯ | ᠳᠡᠩᠳᠡᠭᠦᠦ ᠠᠷᠪᠢᠨ᠂ ᠪᠠᠭᠰᠢ ᠶᠢᠨ ᠰᠠᠶᠢᠨ ᠮᠠᠭᠤ ᠪᠠᠶᠢᠬᠤ ᠨᠢ ᠲᠡᠭᠰᠢ ᠪᠤᠰᠤ᠂ ᠬᠥᠲᠥᠯᠪᠦᠷᠢ ᠠᠴᠠ ᠳᠠᠪᠠᠭᠤᠯᠤᠨ | ᠤᠷᠢᠳᠴᠢᠯᠠᠨ ᠵᠢᠭᠠᠨ ᠰᠤᠷᠭᠠᠬᠤ ᠵᠡᠷᠭᠡ ᠠᠰᠠᠭᠤᠳᠠᠯ ᠭᠠᠷᠤᠭᠰᠠᠨ ᠪᠠᠶᠢᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠬᠤ ᠶᠢᠨ ᠲᠥᠯᠥᠭᠡ᠂ ᠳᠡᠭᠡᠷ᠎ᠡ ᠭᠠᠷᠠᠭ ᠲᠤ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠵᠠᠰᠠᠬᠤ | ᠠᠵᠢᠯᠯᠠᠭ᠎ᠠ ᠥᠷᠨᠢᠭᠦᠯᠵᠦ᠂ ᠪᠢ ᠪᠠᠰᠠ ᠣᠯᠠᠨ ᠤᠳᠠᠭ᠎ᠠ ᠲᠤᠬᠠᠶ ᠶᠢᠨ ᠲᠠᠯᠠᠪᠤᠷ ᠤᠨ ᠰᠢᠮᠳᠠᠭᠤᠯᠤᠨ | ᠵᠢᠯᠣᠭᠤᠳᠬᠤ ᠳᠤ ᠣᠷᠣᠯᠴᠠᠪᠠ᠃ ᠣᠳᠣᠬᠠᠨ ᠳᠤ ᠬᠢᠷᠢ ᠲᠡᠩᠴᠡᠭᠰᠡᠨ ᠲᠣᠭᠲᠠᠭᠠᠯ ᠳᠤ ᠨᠡᠶᠢᠴᠡᠬᠦ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠥᠬᠦ ᠤᠯᠤᠰ ᠤᠨ ︽ᠴᠠᠭᠠᠨ ᠨᠡᠷᠡᠰ︾ ᠲᠤ ᠣᠷᠣᠭᠤᠯᠪᠠ᠃ | ᠥᠷᠭᠡᠨ ᠣᠯᠠᠨ ᠬᠡᠷ ᠤᠨ ᠠᠬᠠᠮᠠᠳ᠂ ᠰᠤᠷᠤᠭᠴᠢᠳ ᠠᠯᠢ ᠴᠢᠳᠠᠬᠤ ᠪᠠᠷ ᠨᠡᠷᠡᠰ ᠤᠨ ᠵᠢᠭᠰᠠᠭᠠᠯᠲᠠ ᠶᠢᠨ | ᠳᠣᠲᠣᠷᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠰᠣᠩᠭᠤᠵᠤ᠂ | ᠲᠣᠭᠲᠠᠭᠠᠯ ᠠᠴᠠ ᠵᠥᠷᠢᠴᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠠᠳᠡᠭᠦᠷᠡᠯ ᠠᠴᠠ ᠪᠣᠯᠵᠣ ᠬᠦᠨᠳᠦ ᠶᠡᠭᠡ ᠠᠵᠤ ᠠᠬᠤᠶ ᠶᠢᠨ ᠬᠤᠬᠢᠷᠠᠯ ᠤᠴᠠᠷᠠᠭᠤᠯᠵᠤ᠂ ᠰᠤᠷᠤᠭᠴᠢᠳ ᠤᠨ ᠪᠡᠶ᠎ᠡ | ᠰᠡᠳᠬᠢᠯ ᠤᠨ ᠡᠷᠡᠭᠦᠯ ᠮᠡᠨᠳᠦ ᠶᠢ ᠬᠤᠬᠢᠷᠠᠭᠤᠯᠬᠤ ᠠᠴᠠ ᠵᠠᠶᠢᠯᠠᠰᠭᠢᠬᠦ ᠬᠡᠷᠡᠭᠲᠡᠶ᠃ ᠨᠢᠭᠡ ᠳᠤ᠂ ᠲᠣᠭᠲᠠᠭᠠᠯ ᠳᠤ | ᠨᠡᠶᠢᠴᠡᠬᠦ ᠪᠠᠶᠢᠭᠤᠯᠤᠮᠵᠢ ᠶᠢ ᠰᠣᠩᠭᠤᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠳᠤ ᠰᠤᠷᠭᠠᠭᠤᠯᠢ ᠡᠷᠭᠢᠯᠡᠬᠦ | ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠪᠠᠶᠢᠬᠤ ᠡᠰᠡᠬᠦ᠂ ᠡᠰᠡᠬᠦᠯ᠎ᠡ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠢᠶᠠᠷ ᠳᠠᠮᠵᠢᠭᠤᠯᠤᠨ ᠳᠠᠩᠰᠠᠯᠠᠭᠤᠯᠤᠭᠰᠠᠨ ᠡᠰᠡᠬᠦ ᠶᠢ ᠪᠠᠶᠢᠴᠠᠭᠠᠨ ᠦᠵᠡᠪᠡ᠃ ᠥᠷᠭᠡᠨ ᠣᠯᠠᠨ | ᠰᠤᠷᠤᠭᠴᠢ᠂ ᠭᠡᠷ ᠤᠨ ᠠᠬᠠᠮᠠᠳ ︽ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ︵ᠰᠦᠯᠵᠢᠶᠡᠨ ᠤ ᠬᠠᠶ᠋ᠢᠭ᠄ http: | //xwpx.emis.edu.cn/︶ ᠳᠡᠭᠡᠷ᠎ᠡ ᠨᠡᠶᠢᠲᠡᠯᠡᠭᠰᠡᠨ ᠪᠠᠶᠢᠭᠤᠯᠤᠮᠵᠢ᠃ ᠬᠤᠶᠠᠷ ᠲᠤ᠂ ᠵᠢᠱᠢᠶ᠎ᠡ ᠦᠵᠡᠭᠦᠯᠬᠦ | ᠭᠡᠷ᠎ᠡ ᠶᠢ ᠬᠡᠷᠡᠭᠯᠡᠨ᠎ᠡ᠃ ᠭᠡᠷ᠎ᠡ ᠪᠣᠯ ᠬᠡᠷᠡᠭᠯᠡᠭᠴᠢᠳ ᠤᠨ ᠡᠷᠬᠡ ᠠᠰᠢᠭ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ | ᠴᠢᠬᠤᠯᠠ ᠦᠨᠳᠦᠰᠦ ᠪᠠᠷᠢᠮᠲᠠ ᠮᠥᠨ᠃ ᠤᠯᠤᠰ ᠤᠨ ᠲᠣᠭᠲᠠᠭᠠᠯ ᠢ ᠦᠨᠳᠦᠰᠦᠯᠡᠪᠡᠯ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠢᠭᠡ ᠤᠳᠠᠭ᠎ᠠ ᠶᠢᠨ | ᠴᠢᠨᠠᠷᠲᠠᠶ ᠰᠦᠢᠳᠬᠡᠯ ᠬᠤᠷᠢᠶᠠᠬᠤ ᠳᠤ 3 ᠰᠠᠷ᠎ᠠ ᠠᠴᠠ ᠬᠡᠲᠦᠷᠡᠭᠦᠯᠵᠦ ᠪᠣᠯᠬᠤ ᠦᠭᠡᠶ ᠪᠥᠭᠡᠳ 5000 | ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠂ ᠬᠢᠴᠢᠶᠡᠯ ᠤᠨ ᠴᠠᠭ ᠢᠶᠠᠷ ᠰᠦᠢᠳᠬᠡᠯ ᠬᠤᠷᠢᠶᠠᠪᠠᠯ᠂ 60 | ᠬᠢᠴᠢᠶᠡᠯ ᠤᠨ ᠴᠠᠭ ᠠᠴᠠ ᠬᠡᠲᠦᠷᠡᠭᠦᠯᠵᠦ ᠪᠣᠯᠬᠤ ᠦᠭᠡᠶ᠃ ᠥᠷᠭᠡᠨ ᠣᠯᠠᠨ ᠰᠣᠷᠣᠭᠴᠢ ᠶᠢᠨ ᠬᠡᠷ ᠤᠨ ᠠᠬᠠᠮᠠᠳ ᠢ | ᠬᠠᠪᠰᠤᠷᠤᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨ ᠬᠦ ᠬᠠᠮᠠᠭᠠᠯᠠᠵᠤ᠂ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ | ᠰᠤᠷᠭᠠᠨ ᠬᠥᠮᠦᠵᠢᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ | ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠤᠨ | ᠦᠢᠯᠡᠴᠢᠯᠡᠭᠡᠨ ᠤ ᠭᠡᠷ᠎ᠡ ︵ᠵᠢᠱᠢᠶ᠎ᠡ ᠦᠵᠡᠭᠦᠯᠬᠦ ᠲᠣᠪᠬᠢᠮᠠᠯ︶︾ ᠶᠢ ᠳᠠᠷᠤᠮᠠᠯᠯᠠᠨ ᠲᠠᠷᠬᠠᠭᠠᠪᠠ᠃ ᠲᠤᠰ ᠵᠢᠱᠢᠶ᠎ᠡ | ᠦᠵᠡᠭᠦᠯᠬᠦ ᠭᠡᠷ᠎ᠡ ᠨᠢ ᠶᠡᠷᠦ ᠶᠢᠨ ᠡᠷᠬᠡ ᠳᠤ ᠬᠠᠯᠠᠳᠠᠭᠰᠠᠨ ᠠᠵᠢᠯᠯᠠᠭ᠎ᠠ ᠪᠠ ᠠᠰᠠᠭᠤᠳᠠᠯ ᠤᠨ ᠲᠤᠬᠠᠢ ᠲᠣᠳᠣᠷᠬᠠᠢ | ᠲᠣᠭᠲᠠᠭᠠᠯ ᠭᠠᠷᠭᠠᠭᠰᠠᠨ ᠪᠠᠶᠢᠨ᠎ᠠ᠃ ᠥᠷᠭᠡᠨ ᠣᠯᠠᠨ ᠰᠤᠷᠤᠭᠴᠢ᠂ ᠭᠡᠷ ᠤᠨ ᠠᠬᠠᠮᠠᠳ ᠰᠦᠢᠳᠬᠡᠯ | ᠲᠤᠰᠢᠶᠠᠬᠤ ᠠᠴᠠ ᠡᠮᠦᠨ᠎ᠡ᠂ ᠭᠡᠷ᠎ᠡ ︵ᠵᠥᠪᠯᠡᠯᠴᠡᠭᠡᠷ︶ ᠶᠢᠨ ᠡᠯ᠎ᠡ ᠵᠦᠢᠯ ᠤᠨ ᠵᠦᠢᠯ ᠵᠤᠷᠪᠤᠰ ᠢ ᠨᠠᠷᠢᠨ ᠬᠢᠨᠠᠮᠠᠭᠠᠶ | ᠪᠥᠭᠡᠳ ᠨᠠᠷᠢᠨ ᠨᠢᠮᠪᠠᠶ ᠤᠩᠰᠢᠵᠤ᠂ ᠰᠤᠷᠭᠠᠨ ᠬᠥᠮᠦᠵᠢᠯ ᠤᠨ ᠶᠠᠮᠤᠨ ᠪᠣᠯᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠭᠡᠷ᠎ᠡ︾ ︵ᠦᠯᠢᠭᠡᠷ ᠲᠣᠪᠬᠢᠮᠠᠯ︶ | ᠶᠢ ᠠᠯᠢ ᠴᠢᠳᠠᠬᠤ ᠪᠠᠷ ᠰᠣᠩᠭᠤᠬᠤ ᠬᠡᠷᠡᠭᠲᠡᠶ᠃ ᠭᠤᠷᠪᠠ ᠳᠤ᠂ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ | ᠴᠢᠩᠭᠠᠳᠬᠠᠪᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠬ᠎ᠠ ᠳᠡᠯᠭᠡᠭᠦᠷ ᠤᠨ ᠰᠠᠶᠢᠨ ᠮᠠᠭᠤ ᠪᠠᠶᠢᠬᠤ | ᠡᠰᠡᠬᠦ᠃ ᠰᠤᠷᠤᠭᠴᠢᠳ᠂ ᠭᠡᠷ ᠤᠨ ᠠᠬᠠᠮᠠᠳ ᠠᠶᠤᠯ ᠲᠦᠭᠰᠢᠭᠦᠷᠢ ᠶᠢ ᠴᠠᠭ ᠢᠮᠠᠭᠲᠠ ᠴᠢᠩᠭ᠎ᠠ ᠰᠡᠷᠭᠡᠶᠢᠯᠡᠬᠦ | ᠬᠡᠷᠡᠭᠲᠡᠶ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠡᠯ᠎ᠡ ᠲᠥᠷᠥᠯ ᠤᠨ ᠥᠷᠲᠡᠭ ᠨᠡᠮᠡᠬᠦ ᠬᠠᠷᠠᠭᠠᠯᠵᠠᠯ᠂ | ᠨᠢᠭᠡ ᠯᠡ ᠤᠳᠠᠭ᠎ᠠ ᠳᠤ ᠣᠯᠠᠨ ᠵᠢᠯ ᠤᠨ ᠯᠤᠲᠤ ᠶᠡᠭᠡ ᠰᠦᠢᠳᠬᠡᠯ ᠲᠤᠰᠢᠶᠠᠬᠤ ᠥᠬᠡᠶ᠃ ᠡᠭᠦᠨ ᠤ ᠬᠠᠮᠲᠤ᠂ | ᠬᠤᠯᠪᠣᠭᠳᠠᠯ ᠪᠦᠬᠦᠢ ᠬᠡᠯᠡᠯᠴᠡᠭᠡᠷ ᠤᠨ ᠲᠣᠪᠬᠢᠮᠠᠯ᠂ ᠭᠡᠷ᠎ᠡ᠂ ᠫᠢᠶᠣᠣ ᠪᠠᠷᠢᠮᠲᠠ ᠵᠡᠷᠭᠡ ᠮᠠᠲ᠋ᠧᠷᠢᠶᠠᠯ ᠢ ᠨᠠᠷᠢᠨ ᠬᠢᠨᠠᠮᠠᠭᠠᠢ | ᠪᠠᠲᠤᠯᠠᠨ ᠰᠠᠶᠢᠲᠤᠷ ᠬᠠᠮᠢᠶᠠᠷᠴᠤ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨ ᠬᠦ | ᠬᠠᠮᠠᠭᠠᠯᠠᠬᠤ ᠬᠡᠷᠡᠭᠲᠡᠢ᠃ ᠬᠤᠶᠢᠰᠢᠳᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠦᠷᠭᠦᠯᠵᠢᠯᠡᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠢᠨᠠᠯᠲᠠ ᠲᠠᠯᠪᠢᠵᠤ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ | ᠰᠢᠨᠵᠢᠯᠡᠭᠡᠨ ᠤ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠤᠯᠠᠮ ᠨᠢᠭᠡ | ᠠᠯᠬᠤᠮ ᠵᠢᠷᠤᠮᠵᠢᠭᠤᠯᠤᠨ ᠬᠥᠭᠵᠢᠬᠦ ᠶᠢ ᠠᠬᠢᠭᠤᠯᠤᠨ᠎ᠠ᠃ | ᠬᠠᠮᠢᠶᠠᠷᠤᠭᠴᠢ ᠄ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠩ ᠪᠦᠸᠧ᠂ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠪᠣᠯᠤᠨ ᠬᠢᠨᠠᠯᠲᠠ ᠲᠠᠯᠪᠢᠬᠤ ᠰᠠᠯᠠᠭᠠᠨ ᠤ ᠵᠠᠩ ᠴᠦᠩᠴᠢᠩ ᠤᠨ ᠳᠡᠳ᠋ ᠰᠠᠯᠠᠭᠠᠨ ᠳᠠᠷᠤᠭ᠎ᠠ᠂ ᠱᠢᠨᠵᠢᠯᠡᠬᠦ | ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠯᠢᠦ ᠵᠧ ᠳᠡᠳ᠋ ᠰᠠᠯᠠᠭᠠᠨ ᠳᠠᠷᠤᠭ᠎ᠠ᠂ ᠰᠦᠯᠵᠢᠶᠡᠨ ᠤ | ᠨᠠᠶᠢᠵᠠ ᠶᠢᠨ ᠠᠩᠬᠠᠷᠤᠯ ᠪᠠ ᠣᠷᠣᠯᠴᠠᠬᠤ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ | ᠳᠠᠭᠤᠰᠤᠭᠰᠠᠨ ᠳᠤ ᠲᠠᠯᠠᠷᠬᠠᠵᠤ ᠪᠠᠢᠨ᠎ᠠ᠃ |