ᠾᠦᠢ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠳᠡᠭᠡᠳᠦ ᠬᠦᠷᠢᠶᠡᠯᠡᠩ ᠤᠨ ᠪᠠᠷᠠᠭᠤᠨ ᠨᠡᠶᠢᠭᠡᠮ ᠲᠣᠭᠤᠷᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/24
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠪᠦᠯᠬᠦᠮᠳᠡᠨ ᠬᠠᠪᠰᠤᠷᠤᠯᠴᠠᠬᠤ᠂ ᠡᠶ᠎ᠡ ᠵᠣᠬᠢᠴᠠᠯ ᠲᠠᠢ ᠨᠥᠬᠦᠷᠰᠡᠭ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠬᠤ ᠶᠢᠨ ᠲᠥᠯᠥᠭᠡ ᠣᠶᠢᠷ᠎ᠠ ᠳᠤ᠂ ᠾᠦᠢ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠳᠡᠭᠡᠳᠦ ᠬᠦᠷᠢᠶᠡᠯᠡᠩ ᠤᠨ ᠪᠠᠷᠠᠭᠤᠨ ᠨᠡᠶᠢᠭᠡᠮ ᠲᠣᠭᠤᠷᠢᠭ ᠤᠨ ᠬᠢᠨ ︽ᠠᠨᠠᠷ ᠤᠨ ᠴᠡᠴᠡᠭ ᠢ ᠬᠥᠬᠡᠬᠤᠲᠠ᠂ ᠨᠡᠶᠢᠭᠡᠮ ᠲᠣᠭᠤᠷᠢᠭ ᠲᠤ ᠳᠡᠯᠭᠡᠷᠡᠵᠦ᠂ ᠦᠨᠳᠦᠰᠦᠲᠡᠨ ᠤ ᠪᠦᠯᠬᠦᠮᠳᠡᠯ ᠤᠨ ︿ᠵᠣᠯ ᠵᠢᠷᠭᠠᠯᠲᠤ ᠴᠡᠴᠡᠭ﹀ ᠢ ᠳᠡᠯᠭᠡᠷᠡᠭᠦᠯᠬᠦ︾ ᠪᠠᠷ ᠭᠤᠤᠯ ᠰᠡᠳᠦᠪ ᠪᠣᠯᠭᠠᠭᠰᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠮᠡᠳᠡᠯᠭᠡ ᠶᠢᠨ ᠭᠠᠷ ᠳᠡᠪᠲᠡᠷ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠭᠰᠠᠨ ᠪᠥᠭᠡᠳ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠵᠤ᠂ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠠᠷᠠᠳ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠳᠡᠪᠢᠭᠦᠷ ᠪᠡᠯᠡᠭᠯᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠶᠢ ᠵᠣᠨ ᠤ ᠡᠳᠦᠷ ᠤᠨ ᠬᠦᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠶ᠃    ︽ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠲᠤᠬᠠᠶ ᠲᠠᠨᠢᠯᠲᠠ ᠶᠢᠨ ᠬᠢᠷᠢ ᠲᠦᠪᠰᠢᠨ ᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠬᠠᠮᠲᠤ ᠪᠠᠷ ᠰᠠᠭᠤᠷᠢᠰᠢᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠬᠤ᠂ ᠬᠠᠮᠲᠤ ᠪᠠᠷ ᠠᠵᠢᠯᠯᠠᠬᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠳᠡᠭᠡᠳᠦ ᠬᠦᠷᠢᠶᠡᠯᠡᠩ ᠤᠨ ᠪᠠᠷᠠᠭᠤᠨ ᠨᠡᠶᠢᠭᠡᠮ ᠲᠣᠭᠤᠷᠢᠭ ᠤᠨ ᠬᠢᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ︾ ᠭᠡᠵᠦ ᠬᠡᠯᠡᠪᠡ᠃ ᠳᠡᠭᠡᠳᠦ ᠵᠥᠪᠯᠡᠯ ᠤᠨ ᠪᠠᠷᠠᠭᠤᠨ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠬᠦ ᠳᠤ ᠪᠠᠨ᠃
 
ᠢᠷᠡᠯᠲᠡ᠄ ᠭᠤᠪᠢᠭᠤᠯᠭ᠎ᠠ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号