ᠦᠰᠦᠭ  ᠢᠶᠠᠷ ᠦᠭᠦᠯᠡᠬᠦᠢ᠄ ᠬᠥᠬᠡᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/24
    ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠬᠤ ᠬᠤᠣᠷ ᠬᠥᠨᠥᠭᠡᠯ ᠢ ᠪᠠᠭᠠᠰᠬᠠᠨ᠂ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠤᠰᠠᠳᠠ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ︽ᠬᠥᠬᠡᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠳᠤ ᠵᠠᠰᠠᠪᠤᠷᠢ ᠣᠷᠣᠭᠤᠯᠪᠠ᠃ ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠵᠢᠯᠤᠭᠤᠳᠬᠤ ᠰᠠᠨᠠᠯ︾ ︵ᠣᠷᠴᠢᠨ ᠲᠣᠭᠤᠷᠢᠨ ᠠᠭᠠᠷ ᠮᠠᠨᠳᠠᠯ ︹2024︺ 6 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2024 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ︹2024︺ 17 ᠳ᠋ᠤᠭᠠᠷ ᠲᠣᠭᠠᠲᠤ︶᠃ ᠭᠤᠷᠪᠠ᠂ ᠵᠠᠰᠠᠪᠤᠷᠢ ᠣᠷᠣᠭᠤᠯᠤᠭᠰᠠᠨ ᠠᠭᠤᠯᠭ᠎ᠠ ︵ᠨᠢᠭᠡ︶ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠬᠦ ᠨᠥᠬᠦᠴᠡᠯ ᠳᠤ ᠲᠣᠬᠢᠷᠠᠭᠤᠯᠤᠯᠲᠠ ᠬᠢᠪᠡ᠃ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ᠃ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠬᠦᠷᠬᠦ ᠪᠠᠶᠢᠳᠠᠯ 2 ᠡᠳᠦᠷ ︵48 ᠴᠠᠭ︶ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠶᠢ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠪᠤᠶᠤ AQI ᠶᠢᠨ ᠡᠳᠦᠷ ᠤᠨ ᠳᠤᠮᠳᠠᠴᠢ ᠬᠡᠮᠵᠢᠭᠳᠡᠯ > 150 ᠬᠦᠷᠬᠦ ᠪᠠᠶᠢᠳᠠᠯ 48 ᠴᠠᠭ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠪᠠᠷ ᠳᠣᠬᠢᠷᠠᠭᠤᠯᠪᠠ᠃ ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ᠃ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠬᠦᠷᠬᠦ ᠪᠠᠶᠢᠳᠠᠯ 3 ᠡᠳᠦᠷ ︵72 ᠴᠠᠭ︶ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠶᠢ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠬᠦᠷᠬᠦ ᠪᠠᠶᠢᠳᠠᠯ 48 ᠴᠠᠭ ᠦᠷᠭᠦᠯᠵᠢᠯᠡᠬᠦ ᠪᠤᠶᠤ AQI ᠶᠢᠨ ᠡᠳᠦᠷ ᠤᠨ ᠳᠤᠮᠳᠠᠴᠢ ᠬᠡᠮᠵᠢᠭᠳᠡᠯ > 150 ᠬᠦᠷᠬᠦ ᠪᠠᠶᠢᠳᠠᠯ 72 ᠴᠠᠭ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠪᠠᠷ ᠲᠣᠬᠢᠷᠠᠭᠤᠯᠪᠠ᠃ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ᠃ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠬᠦᠷᠬᠦ ᠪᠠᠶᠢᠳᠠᠯ 4 ᠡᠳᠦᠷ ︵96 ᠴᠠᠭ︶ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠪᠥᠭᠡᠳ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 300 ᠬᠦᠷᠬᠦ ᠪᠠᠶᠢᠳᠠᠯ 2 ᠡᠳᠦᠷ ︵48 ᠴᠠᠭ︶ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠶᠢ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠬᠦᠷᠬᠦ ᠪᠠᠶᠢᠳᠠᠯ 72 ᠴᠠᠭ ᠦᠷᠭᠦᠯᠵᠢᠯᠡᠬᠦ ᠪᠥᠭᠡᠳ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 300 ᠬᠦᠷᠬᠦ ᠪᠠᠶᠢᠳᠠᠯ 24 ᠴᠠᠭ ᠪᠤᠶᠤ ᠲᠡᠭᠦᠨ ᠠᠴᠠ ᠳᠡᠭᠡᠭᠰᠢ ᠬᠤᠭᠤᠴᠠᠭ᠎ᠠ ᠦᠷᠭᠦᠯᠵᠢᠯᠡᠬᠦ ᠪᠠᠷ ᠲᠣᠬᠢᠷᠠᠭᠤᠯᠪᠠ᠃ ᠳᠥᠷᠪᠡ᠂ ᠭᠤᠣᠯ ᠠᠭᠤᠯᠭ᠎ᠠ ︽ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠤᠨ ᠠᠭᠤᠯᠭ᠎ᠠ ᠳᠤ ᠶᠡᠷᠦᠩᠬᠡᠢ ᠳᠦᠷᠢᠮ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠲᠤᠰᠢᠶᠠᠯ ᠬᠠᠷᠢᠭᠤᠴᠠᠯᠭ᠎ᠠ᠂ ᠬᠢᠨᠠᠨ ᠬᠡᠮᠵᠢᠯᠲᠡ ᠪᠠ ᠰᠡᠷᠡᠮᠵᠢᠯᠡᠭᠦᠯᠦᠯ᠂ ᠪᠠᠴᠢᠮ ᠪᠠᠶᠢᠳᠠᠯ ᠢ ᠠᠷᠭᠠᠴᠠᠭᠠᠬᠤ᠂ ᠮᠡᠳᠡᠭᠡ ᠵᠠᠩᠭᠢ ᠶᠢ ᠢᠯᠡ ᠪᠣᠯᠭᠠᠬᠤ᠂ ᠳ᠋ᠦᠩᠨᠡᠵᠦ ᠦᠨᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠬᠠᠷᠢᠭᠤᠴᠠᠯᠭ᠎ᠠ ᠨᠡᠬᠡᠮᠵᠢᠯᠡᠬᠦ᠂ ᠳᠠᠭᠠᠯᠳᠤᠭᠤᠯᠤᠭᠰᠠᠨ ᠳᠦᠷᠢᠮ ᠵᠡᠷᠭᠡ 9 ᠲᠠᠯ᠎ᠠ ᠶᠢ ᠪᠠᠭᠲᠠᠭᠠᠨ᠎ᠠ᠃ ︵ᠨᠢᠭᠡ︶ ᠶᠡᠷᠦᠩᠬᠡᠢ ᠳᠦᠷᠢᠮ᠃ ᠲᠣᠭᠲᠠᠭᠠᠭᠰᠠᠨ ᠵᠣᠷᠢᠯᠭ᠎ᠠ᠂ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠪᠡᠯᠡᠳᠬᠡᠯ ᠲᠥᠰᠥᠯ ᠤᠨ ᠰᠢᠰᠲ᠋ᠧᠮᠵᠢ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠲᠤᠰᠢᠶᠠᠯ ᠬᠠᠷᠢᠭᠤᠴᠠᠯᠭ᠎ᠠ᠃ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠰᠢᠰᠲ᠋ᠧᠮᠵᠢ ᠶᠢᠨ ᠪᠦᠷᠢᠯᠳᠦᠯ ᠪᠠ ᠲᠤᠰᠢᠶᠠᠯ ᠬᠠᠷᠢᠭᠤᠴᠠᠯᠭ᠎ᠠ ᠶᠢ ᠳᠣᠪᠤᠶᠢᠯᠭᠠᠪᠠ᠃ ︵ᠭᠤᠷᠪᠠ︶ ᠬᠢᠨᠠᠨ ᠬᠡᠮᠵᠢᠯᠲᠡ ᠪᠠ ᠰᠡᠷᠡᠮᠵᠢᠯᠡᠭᠦᠯᠦᠯ᠃ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠪᠠ ᠵᠥᠪᠳᠡᠯᠴᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ ᠰᠡᠷᠡᠮᠵᠢᠯᠡᠭᠦᠯᠦᠯ ᠳᠤ ᠲᠡᠰ ᠬᠤᠪᠢᠶᠠᠬᠤ᠂ ᠰᠡᠷᠡᠮᠵᠢᠯᠡᠭᠦᠯᠦᠯ ᠢ ᠬᠢᠨᠠᠨ ᠵᠥᠪᠰᠢᠶᠡᠷᠡᠬᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ᠂ ᠰᠡᠷᠡᠮᠵᠢ ᠶᠢᠨ ᠳᠣᠬᠢᠶᠠᠨ ᠤ ᠲᠡᠰ ᠢ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠪᠠᠭᠲᠠᠭᠠᠨ᠎ᠠ᠃ ︵ᠳᠥᠷᠪᠡ︶ ᠪᠠᠴᠢᠮ ᠪᠠᠶᠢᠳᠠᠯ ᠢ ᠠᠷᠭᠠᠴᠠᠭᠠᠬᠤ᠃ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠤ ᠲᠡᠰ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠭᠠᠬᠤ ᠬᠤᠯᠪᠤᠭᠠᠯᠠᠨ ᠬᠥᠳᠡᠯᠦᠯᠴᠡᠬᠦ᠂ ᠣᠷᠣᠨ ᠪᠦᠰᠡ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠬᠤ ᠢ ᠡᠴᠦᠰᠯᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠪᠠᠭᠲᠠᠨ᠎ᠠ᠃ ︵ᠲᠠᠪᠤ︶ ᠮᠡᠳᠡᠭᠡ ᠵᠠᠩᠭᠢ ᠶᠢ ᠢᠯᠡ ᠪᠣᠯᠭᠠᠬᠤ᠃ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠦᠯᠦᠯᠲᠡ ᠪᠠ ᠵᠠᠷᠯᠠᠯ᠂ ᠰᠣᠨᠢᠨ ᠮᠡᠳᠡᠭᠡ ᠨᠡᠶᠢᠲᠡᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠢ ᠲᠣᠭᠲᠠᠭᠠᠪᠠ᠃ ︵ᠵᠢᠷᠭᠤᠭ᠎ᠠ︶ ᠳ᠋ᠦᠩᠨᠡᠵᠦ ᠦᠨᠡᠯᠡᠬᠦ᠃ ᠬᠤᠲᠠ ᠶᠢᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠡᠯ᠎ᠡ ᠭᠡᠰᠢᠭᠦᠨ ᠨᠢᠭᠡᠴᠢ ᠶᠢᠨ ᠬᠠᠷᠢᠭᠤᠴᠠᠯᠭᠠᠲᠠᠨ᠂ ᠲᠤᠰᠬᠠᠢ ᠮᠡᠷᠭᠡᠵᠢᠯᠲᠡᠳ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠲᠣᠰ ᠤᠳᠠᠭᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠵᠢᠴᠢ ᠠᠷᠭᠠᠴᠠᠭᠠᠭᠰᠠᠨ ᠦᠷ᠎ᠡ ᠪᠦᠲᠦᠮᠵᠢ ᠳᠤ ᠳ᠋ᠦᠩᠨᠡᠯᠲᠡ ᠬᠢᠬᠦ᠂ ᠣᠷᠣᠰᠢᠵᠤ ᠪᠠᠶᠢᠭ᠎ᠠ ᠠᠰᠠᠭᠤᠳᠠᠯ ᠢ ᠦᠨᠡᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠢ ᠲᠣᠭᠲᠠᠭᠠᠪᠠ᠃ ︵ᠳᠣᠯᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠃ ᠵᠠᠷᠤᠳᠠᠯ ᠤᠨ ᠪᠠᠲᠤᠯᠠᠭ᠎ᠠ᠂ ᠡᠩᠨᠡᠭᠡᠨ ᠤ ᠪᠠᠲᠤᠯᠠᠭ᠎ᠠ᠂ ᠠᠮᠤᠷ ᠲᠦᠪᠰᠢᠨ ᠤ ᠪᠠᠲᠤᠯᠠᠭ᠎ᠠ᠂ ᠤᠷᠢᠳᠴᠢᠯᠠᠨ ᠰᠡᠷᠡᠮᠵᠢᠯᠡᠭᠦᠯᠵᠦ ᠮᠡᠳᠡᠭᠳᠡᠬᠦ ᠴᠢᠳᠠᠪᠤᠷᠢ ᠶᠢᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ ︵ᠨᠠᠢᠮᠠ︶ ᠬᠠᠷᠢᠭᠤᠴᠠᠯᠭ᠎ᠠ ᠨᠡᠬᠡᠮᠵᠢᠯᠡᠬᠦ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠨᠢᠭᠡᠴᠢ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ ᠰᠡᠷᠡᠮᠵᠢᠯᠡᠭᠦᠯᠬᠦ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠴᠢᠩᠭ᠎ᠠ ᠬᠢᠨᠠᠨ ᠬᠠᠮᠢᠶᠠᠷᠬᠤ ᠶᠢᠨ ᠬᠠᠮᠲᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ ︵ᠶᠢᠰᠦ︶ ᠳᠠᠭᠠᠯᠳᠤᠭᠤᠯᠤᠭᠰᠠᠨ ᠳᠦᠷᠢᠮ᠃ ᠲᠥᠰᠥᠯ ᠤᠨ ᠬᠠᠮᠢᠶᠠᠷᠤᠯᠲᠠ᠂ ᠲᠥᠰᠥᠯ ᠤᠨ ᠤᠬᠠᠭᠤᠯᠭ᠎ᠠ᠂ ᠲᠥᠰᠥᠯ ᠤᠨ ᠰᠣᠷᠢᠯᠲᠠ᠂ ᠲᠥᠰᠥᠯ ᠤᠨ ᠳᠠᠩᠰᠠᠯᠠᠯᠲᠠ ᠪᠠ ᠲᠥᠰᠥᠯ ᠢ ᠬᠡᠷᠡᠭᠵᠢᠭᠦᠯᠬᠦ ᠴᠠᠭ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠲᠣᠳᠣᠷᠬᠠᠶᠢᠯᠠᠪᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠲᠠᠶᠢᠯᠤᠮᠵᠢ ᠬᠢᠭᠰᠡᠨ ᠨᠢ᠄ ᠬᠤ᠋ ᠢᠦᠢ ᠵᠠᠩ᠂ ᠬᠠᠷᠢᠯᠴᠠᠬᠤ ᠤᠲᠠᠰᠤ᠄ 0471-4617882
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号