ᠬᠤᠶᠢᠲᠤ ᠰᠢᠷ᠎ᠠ ᠵᠤᠤ ᠰᠢᠶᠠᠩ᠄ ᠡᠷᠴᠢ ᠵᠣᠷᠢᠭ ᠢᠶᠠᠨ ᠬᠥᠪᠴᠢᠯᠡᠵᠦ ᠠᠳᠠᠯᠢᠳᠬᠠᠨ ᠳᠡᠭᠡᠭᠰᠢᠯᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/27
    ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ᠠᠰᠠᠭᠤᠳᠠᠯ ᠢ ᠣᠨᠣᠪᠴᠢᠲᠠᠶ ᠡᠷᠢᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠰᠡᠳᠬᠢᠮᠵᠢ ᠪᠠᠨ ᠲᠣᠳᠣᠷᠬᠠᠶ ᠪᠣᠯᠭᠠᠬᠤ ᠵᠠᠷᠴᠢᠮ ᠶᠣᠰᠣᠭᠠᠷ᠂ ᠪᠥᠬᠦ ᠰᠢᠶᠠᠩ ᠤᠨ ᠬᠡᠪᠴᠢᠶᠡᠨ ᠳᠤ ︽ᠠᠳᠠᠯᠢᠳᠬᠠᠬᠤ᠂ ᠰᠤᠷᠤᠯᠴᠠᠬᠤ᠂ ᠭᠦᠢᠴᠡᠬᠦ᠂ ᠳᠠᠪᠠᠭ᠋ᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠣᠶᠢᠷ᠎ᠠ ᠳᠤ᠂ ᠬᠤᠶᠢᠲᠤ ᠰᠢᠷ᠎ᠠ ᠵᠤᠤ ᠰᠢᠶᠠᠩ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠣᠭᠤᠷᠢᠨ ᠦᠵᠡᠵᠦ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ 36 ᠲᠣᠰᠬᠤᠨ ᠤ ᠨᠠᠮ ᠤᠨ ᠡᠭᠦᠷ ᠤᠨ ᠱᠦᠵᠢ ᠶᠢ ᠳᠠᠭᠠᠭᠤᠯᠤᠨ ᠪᠥᠬᠦ ᠰᠢᠶᠠᠩ ᠤᠨ 36 ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠤᠬᠠᠶ ᠶᠢᠨ ᠲᠠᠯᠠᠪᠠᠶ ᠳᠤ ᠲᠣᠭᠤᠷᠢᠨ ᠦᠵᠡᠵᠦ ᠠᠳᠠᠯᠢᠳᠬᠠᠨ ᠰᠢᠯᠭᠠᠷᠠᠭᠤᠯᠪᠠ᠃    ᠲᠣᠭᠤᠷᠢᠨ ᠦᠵᠡᠬᠦ ᠳᠤᠭᠤᠶᠢᠯᠠᠩ ᠡᠯ᠎ᠡ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠭᠤᠯᠵᠤ᠂ ᠡᠯ᠎ᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠢ ᠲᠣᠭᠤᠷᠢᠨ ᠦᠵᠡᠵᠦ᠂ ᠲᠣᠰᠬᠤᠨ ᠤ ᠳᠣᠲᠣᠷᠠᠬᠢ ᠭᠤᠣᠯ ᠵᠡᠭᠡᠯᠢ᠂ ᠭᠡᠷ ᠤᠨ ᠠᠷᠤ ᠥᠪᠥᠷ᠂ ᠠᠷᠤ ᠵᠡᠭᠡᠯᠢ ᠶᠢᠨ ᠵᠢᠵᠢᠭ ᠭᠤᠳᠤᠮᠵᠢ᠂ ᠭᠤᠣᠯ ᠤᠨ ᠵᠠᠮ ᠭᠤᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ᠂ ᠲᠣᠰᠬᠤᠨ ᠤ ᠨᠠᠮ ᠤᠨ ᠡᠭᠦᠷ ᠤᠨ ᠱᠦᠵᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠵᠦ᠂ ᠠᠵᠢᠯ ᠤᠨ ᠠᠮᠵᠢᠯᠲᠠ ᠪᠠᠨ ᠪᠦᠬᠦ ᠲᠠᠯ᠎ᠠ ᠪᠠᠷ ᠢᠯᠡᠷᠡᠭᠦᠯᠵᠦ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠬᠤᠶᠢᠰᠢᠳᠠ ᠶᠢᠨ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠬᠤ ᠬᠡᠷᠡᠭᠲᠡᠢ᠃    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠲᠤᠬᠠᠶ ᠶᠢᠨ ᠲᠠᠯᠠᠪᠤᠷ ᠲᠤ ᠬᠤᠪᠢ ᠲᠣᠭᠲᠠᠭᠠᠪᠠ᠃    ᠬᠤᠷᠠᠯ ᠠᠴᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠲᠣᠰᠬᠤᠨ ᠤ ᠬᠢᠨ ᠦᠨᠡᠨᠬᠦ ᠠᠳᠬᠤᠨ ᠪᠣᠳᠠᠲᠠᠢ ᠠᠵᠢᠯᠯᠠᠵᠤ᠂ ᠦᠷᠭᠦᠯᠵᠢᠯᠡᠨ ᠬᠦᠴᠦᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠢᠯᠢᠳᠡᠭ ᠲᠣᠰᠬᠤᠨ ᠲᠠᠢ ᠬᠠᠷᠭᠤᠭᠤᠯᠵᠤ᠂ ᠵᠦᠷᠢᠶ᠎ᠡ ᠪᠠᠨ ᠤᠯᠠᠮ ᠴᠢᠨᠠᠭᠰᠢᠳᠠ ᠡᠷᠢᠵᠦ᠂ ᠡᠳᠦᠷ ᠳᠤᠳᠤᠮ ᠤᠨ ᠠᠷᠢᠭᠤᠨ ᠴᠡᠪᠡᠷ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠬᠦᠯᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠵᠡᠷᠭᠡᠪᠡᠷ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠤᠷᠳᠤ ᠬᠤᠭᠤᠴᠠᠭ᠎ᠠ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠳ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠣᠯᠠᠨ ᠵᠦᠢᠯ ᠤᠨ ᠬᠡᠯᠪᠡᠷᠢ ᠪᠠᠷ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠴᠡᠭᠴᠡᠯᠡᠨ ᠵᠠᠰᠠᠬᠤ ᠪᠠ ᠪᠠᠲᠤᠯᠠᠬᠤ ᠶᠢ ᠵᠡᠷᠭᠡ ᠪᠠᠷ ᠴᠢᠬᠤᠯᠠᠴᠢᠯᠠᠬᠤ᠂ ᠪᠥᠲᠥᠭᠡᠨ ᠪᠠᠶᠢᠭᠤᠯᠬᠤ ᠪᠠ ᠬᠠᠮᠢᠶᠠᠷᠤᠨ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠬᠤᠶᠢᠲᠤ ᠰᠢᠷ᠎ᠠ ᠵᠤᠤ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号