ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠣᠶᠢᠷ᠎ᠠ ᠶᠢᠨ ᠵᠢᠯ ᠤᠨ ᠲᠤᠷᠰᠢᠬᠢ ︽ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ︾᠂ ᠬᠥᠳᠡᠭᠡ | ᠲᠣᠰᠬᠤᠨ ᠤ ︽ᠭᠠᠵᠠᠷ ᠰᠢᠷᠣᠶ ᠶᠢᠨ ᠡᠷᠭᠢᠯᠲᠡ︾ ᠵᠡᠷᠭᠡ ᠬᠦᠴᠦᠨ ᠵᠦᠢᠯ ᠢ ᠳᠠᠭᠠᠯᠳᠤᠨ᠂ ᠮᠠᠨ ᠤ ᠬᠤᠰᠢᠭᠤᠨ ᠤ | ᠣᠲᠣ ᠶᠢᠨ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠨᠢᠭᠡᠨᠲᠡ | ᠵᠣᠬᠢᠬᠤ ᠨᠠᠰᠤᠨ ᠤ ᠬᠡᠤᠬᠡᠳ ᠤᠨ ᠰᠤᠷᠤᠯᠴᠠᠬᠤ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠥᠬᠡᠶ ᠪᠣᠯᠵᠣ᠂ | ᠭᠤᠤᠯᠳᠠᠭᠤ ᠳᠣᠤᠷᠠᠬᠢ ᠠᠰᠠᠭᠤᠳᠠᠯ ᠢᠯᠡᠷᠡᠪᠡ᠄ ᠨᠢᠭᠡ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠤᠲᠠ | ᠬᠥᠳᠡᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠲᠡᠩᠴᠡᠭᠦᠷᠢ ᠥᠬᠡᠶ ᠪᠠᠶᠢᠵᠤ᠂ ᠪᠤᠰᠤᠳ ᠡᠯ᠎ᠡ ᠰᠢᠶᠠᠩ | ᠪᠠᠯᠭᠠᠰᠤᠨ ᠤ ᠣᠷᠣᠨ ᠪᠦᠰᠡ ᠶᠢᠨ ᠰᠤᠷᠭᠠᠭᠤᠯᠢ ᠶᠢᠨ ᠣᠯᠠᠨ ᠰᠣᠷᠣᠭᠴᠢ ᠶᠢᠨ ᠢᠷᠡᠯᠲᠡ ᠣᠯᠠᠨ ᠪᠠᠶᠢᠵᠤ᠂ 2021 | ᠣᠨ ᠤ ᠰᠢᠶᠠᠨ ᠤ ᠬᠡᠪᠴᠢᠶᠡᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠪᠠᠷᠢᠮᠵᠢᠶ᠎ᠠ ᠳᠤ ᠬᠦᠷᠴᠦ ᠰᠢᠯᠭᠠᠨ ᠠᠪᠬᠤ ᠶᠢ ᠬᠦᠨᠳᠦ ᠨᠣᠴᠢᠲᠠᠶ ᠨᠥᠯᠥᠭᠡᠯᠡᠪᠡ᠃ ᠬᠤᠶᠠᠷ ᠲᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ | ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠡᠵᠡᠯᠡᠬᠦ ᠬᠠᠷᠢᠴᠠᠯ ᠥᠨᠳᠥᠷ ᠰᠢᠭ ᠪᠠᠶᠢᠵᠤ᠂ ᠮᠠᠨ ᠤ ᠬᠤᠰᠢᠭᠤᠨ ᠤ | ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠣᠷᠣᠨ᠂ ᠤᠤᠯ ᠤᠨ ᠵᠢᠨᠴᠦᠸᠠᠨ᠂ ᠵᠢᠨᠱᠠᠨ ᠲᠣᠭᠤᠷᠢᠭ ᠤᠨ | ᠳᠣᠲᠣᠷ᠎ᠠ ᠵᠥᠪᠬᠡᠨ 2 ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢ ᠰᠣᠩᠭᠤᠭᠰᠠᠨ ᠠᠴᠠ ᠪᠣᠯᠵᠣ ᠮᠠᠨ ᠤ | ᠬᠤᠰᠢᠭᠤᠨ ᠤ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠡᠵᠡᠯᠡᠬᠦ ᠬᠠᠷᠢᠴᠠᠯ 15% ᠠᠴᠠ ᠥᠨᠳᠥᠷ ᠪᠣᠯᠵᠠᠢ᠃ ᠮᠠᠨ ᠤ | ᠬᠤᠰᠢᠭᠤᠨ ᠤ ᠣᠳᠣ ᠶᠢᠨ ᠪᠠᠶᠢᠭ᠎ᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 4᠂ ᠠᠯᠪᠠᠨ ᠠᠴᠠ | ᠡᠷᠬᠢᠯᠡᠭᠰᠡᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 1᠂ ᠠᠵᠢᠯ ᠮᠡᠷᠭᠡᠵᠢᠯ ᠤᠨ | ᠡᠩ ᠤᠨ ᠰᠤᠷᠭᠠᠭᠤᠯᠢ ᠶᠢᠨ ᠰᠤᠷᠤᠭᠴᠢ ᠶᠢᠨ ᠬᠠᠷᠢᠴᠠᠯ ᠪᠠᠷᠤᠭ 3᠄ 7᠂ ᠤᠯᠤᠰ ᠤᠨ ᠱᠠᠭᠠᠷᠳᠠᠯᠭ᠎ᠠ ᠶᠢᠨ ᠡᠩ ᠤᠨ | ᠠᠵᠢᠯ ᠤᠨ ᠡᠩ ᠤᠨ ᠬᠠᠷᠢᠴᠠᠯ ᠤᠨ ᠶᠡᠭᠡ ᠲᠥᠯᠥᠪ ᠠᠴᠠ ᠬᠤᠯᠠ ᠳᠣᠤᠷ᠎ᠠ ᠪᠠᠶᠢᠨ᠎ᠠ᠃ ᠳᠥᠷᠪᠡ ᠳᠤ᠂ ᠠᠷᠠᠳ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠢ ᠰᠢᠨ᠎ᠡ ᠪᠠᠷ ᠨᠡᠮᠡᠭᠳᠡᠭᠦᠯᠦᠭᠰᠡᠨ ᠠᠴᠠ ᠪᠣᠯᠵᠣ ᠪᠥᠬᠦ ᠬᠤᠰᠢᠭᠤᠨ ᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠬᠤᠶᠠᠷ ᠨᠣᠷᠮ᠎ᠠ︾ ᠶᠢᠨ ᠭᠦᠢᠴᠡᠳᠭᠡᠯ ᠲᠤᠭ᠎ᠠ ᠶᠡᠬᠡᠪᠡᠷ | ᠪᠠᠭᠤᠷᠠᠵᠤ᠂ 2021 ᠣᠨ ᠤ 10 ᠰᠠᠷ᠎ᠠ ᠳᠤ᠂ ᠤᠤᠯ ᠤᠨ ᠵᠢᠨᠴᠤᠸᠠᠨ ᠤ ᠣᠷᠣᠨ ᠪᠦᠰᠡ ᠶᠢᠨ ᠣᠯᠠᠨ | ᠨᠡᠶᠢᠲᠡ ᠶᠢᠨ ᠬᠡᠷᠡᠭ ᠶᠠᠪᠤᠳᠠᠯ ᠢ ᠮᠠᠨ ᠤ ᠬᠤᠰᠢᠭᠤᠨ ᠤ 13500 ᠬᠥᠮᠦᠨ ᠪᠣᠯᠭᠠᠨ ᠨᠡᠮᠡᠭᠳᠡᠭᠦᠯᠵᠦ᠂ ᠪᠥᠬᠦ | ᠬᠤᠰᠢᠭᠤᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠠᠬᠢ ᠬᠡᠤᠬᠡᠳ ᠤᠨ ᠲᠤᠭ᠎ᠠ ᠶᠢᠨ ᠡᠵᠡᠯᠡᠬᠦ | ᠬᠠᠷᠢᠴᠠᠯ ᠢ 50.1% ᠪᠠᠶᠢᠭᠰᠠᠨ ᠠᠴᠠ 22.7% ᠪᠤᠯᠵᠤ᠂ ᠪᠥᠬᠦ ᠬᠤᠰᠢᠭᠤᠨ ᠤ ᠲᠦᠭᠡᠮᠡᠯ ᠬᠠᠷᠠᠭᠠᠯᠵᠠᠯ ᠤᠨ | ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 89.5% ᠪᠠᠶᠢᠭᠰᠠᠨ ᠠᠴᠠ 57.45% ᠪᠤᠯᠲᠠᠯ᠎ᠠ | ᠳᠤᠷᠤᠭᠰᠢᠯᠠᠵᠤ᠂ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠬᠤᠶᠠᠷ | ᠨᠣᠷᠮ᠎ᠠ︾ ᠶᠢ ᠤᠤᠯ ᠤᠨ ᠪᠠᠷᠢᠮᠵᠢᠶ᠎ᠠ ᠳᠤ ᠬᠦᠷᠭᠡᠵᠦ ᠪᠠᠶᠢᠭᠰᠠᠨ ᠠᠴᠠ ᠬᠦᠨᠳᠦ ᠨᠣᠴᠢᠲᠠᠶ ᠪᠠᠷᠢᠮᠵᠢᠶ᠎ᠠ ᠳᠤ ᠬᠦᠷᠭᠡᠬᠦ | ᠥᠬᠡᠶ ᠪᠣᠯᠭᠠᠨ ᠬᠤᠪᠢᠷᠠᠭᠤᠯᠪᠠ᠃ ᠲᠠᠪᠤ ᠳᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠵᠢᠵᠢᠭ | ᠲᠣᠭᠤᠷᠢᠭ ᠲᠤ ᠴᠡᠴᠡᠷᠯᠢᠭ ᠲᠤᠬᠢᠷᠠᠭᠤᠯᠤᠨ ᠪᠠᠶᠢᠭᠤᠯᠬᠤ ᠠᠵᠢᠯ ᠤᠨ ᠬᠦᠴᠢᠷᠳᠡᠯ ᠶᠡᠭᠡ᠂ ᠬᠠᠩᠭᠠᠯᠭ᠎ᠠ | ᠬᠡᠷᠡᠭᠴᠡᠭᠡ ᠶᠢᠨ ᠵᠥᠷᠢᠴᠡᠯ ᠪᠠ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠲᠣᠪᠤᠶᠢᠮ᠎ᠠ ᠪᠠᠶᠢᠵᠤ᠂ | ᠤᠤᠯ ᠤᠨ ᠵᠢᠨᠴᠤᠸᠠᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠭᠥᠯᠢᠶᠡᠨ ᠠᠪᠴᠤ | ᠬᠠᠮᠢᠶᠠᠷᠤᠭᠰᠠᠨ ᠠᠴᠠ ᠬᠤᠷᠢᠶᠠᠨ ᠠᠪᠤᠭᠰᠠᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠨᠢ | ᠦᠨᠳᠦᠰᠦᠨ ᠳᠡᠭᠡᠨ ᠦᠨᠡᠮᠯᠡᠯ ᠥᠬᠡᠶ ᠪᠠᠷ ᠰᠤᠷᠭᠠᠭᠤᠯᠢ ᠡᠷᠭᠢᠯᠡᠭᠰᠡᠨ ᠪᠠᠶᠢᠨ᠎ᠠ᠃ | ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠮᠠᠨ ᠤ ᠲᠣᠪᠴᠢᠶ᠎ᠠ ︽ᠬᠥᠬᠡᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠮᠡᠳᠡᠭᠦᠯᠦᠨ ᠬᠦᠷᠭᠡᠬᠦ ᠲᠤᠬᠠᠶ ᠮᠡᠳᠡᠭᠳᠡᠯ︾ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠨᠳᠥᠷ | ᠪᠦᠲᠦᠮᠵᠢᠲᠡᠶ ᠪᠠᠷ ᠳᠣᠭᠢᠷᠠᠭᠤᠯᠤᠨ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠶ ᠪᠠᠶᠢᠳᠠᠯ ᠢ ᠦᠨᠳᠦᠰᠦᠯᠡᠨ᠂ | ᠲᠤᠰᠬᠠᠶ ᠮᠡᠷᠭᠡᠵᠢᠯᠲᠡᠨ ᠭᠦᠢᠴᠡᠳ ᠨᠤᠲᠠᠯᠠᠬᠤ ᠪᠠᠷ ᠳᠡᠮᠵᠢᠨ᠂ ᠲᠦᠮᠡᠳ ᠵᠡᠭᠦᠨ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ︵2024 - 2025 | ᠣᠨ︶ ᠶᠢ ᠣᠨᠴᠠᠭᠠᠶᠢᠯᠠᠨ ᠲᠣᠭᠲᠠᠭᠠᠪᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ | ᠬᠥᠭᠵᠢᠯᠲᠡ ᠶᠢ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠠᠷᠭ᠎ᠠ︾᠂ ︽ᠰᠤᠷᠭᠠᠨ ᠬᠥᠮᠦᠵᠢᠯ ᠰᠢᠮᠳᠠᠭᠤᠯᠤᠨ | ᠵᠢᠯᠣᠭᠤᠳᠴᠤ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠰᠤᠷᠭᠠᠨ | ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ ᠠᠯᠪᠠᠨ ᠬᠡᠷ ᠤᠨ ᠮᠡᠳᠡᠭᠳᠡᠯ︾᠂ ︽︿ᠰᠢᠶᠠᠨ ᠤ | ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ | ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ︽︿ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ | ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ ︽ᠬᠦᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ | ᠪᠠ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ︽︿ᠬᠥᠬᠡᠬᠤᠲᠠ ᠶᠢᠨ ᠠᠷᠠᠳ ᠠᠴᠠ | ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠬᠤ ᠲᠤᠬᠠᠶ ᠬᠡᠷᠡᠭᠵᠢᠭᠦᠯᠬᠦ | ᠲᠥᠰᠦᠯ﹀ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾᠂ ︽ᠬᠥᠬᠡᠬᠤᠲᠠ ᠶᠢᠨ 2022 ᠣᠨ ᠤ | ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠵᠢᠯ ᠤᠨ | ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾᠃ | ︽ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ | ᠨᠡᠶᠢᠳᠡᠮ ᠬᠠᠷᠠᠭᠠᠯᠵᠠᠯ ᠦᠵᠡᠭᠦᠯᠬᠦ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾᠂ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠮᠡᠳᠡᠭᠳᠡᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ | ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠵᠢᠯᠣᠭᠤᠳᠬᠤ ᠵᠥᠪᠯᠡᠯ ᠤᠨ | ᠠᠯᠪᠠᠨ ᠬᠡᠷ ᠤᠨ ᠮᠡᠳᠡᠭᠳᠡᠯ︾᠂ ︽ᠬᠥᠬᠡᠬᠤᠲᠠ ᠶᠢᠨ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠠᠵᠢᠯ ᠤᠨ ᠲᠥᠰᠦᠯ︾ | ᠂ ︽ᠬᠥᠬᠡᠬᠤᠲᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ | ᠨᠡᠶᠢᠳᠡᠮ ᠬᠠᠷᠠᠭᠠᠯᠵᠠᠯ ᠦᠵᠡᠭᠦᠯᠬᠦ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023 - | 2025 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠮᠡᠳᠡᠭᠳᠡᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ | ᠪᠠᠯᠭᠠᠰᠤᠨ ᠤ ᠰᠠᠭᠤᠭᠠᠯᠢ ᠲᠣᠭᠤᠷᠢᠭ ᠢ ᠲᠥᠬᠦᠷᠵᠢᠭᠦᠯᠦᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ﹀ ᠶᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠃ | ︽ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ | ᠴᠡᠴᠡᠷᠯᠢᠭ ᠤᠨ ᠪᠠᠶᠢᠷᠢᠰᠢᠭᠤᠯᠤᠯ ᠤᠨ ᠲᠥᠯᠥᠪᠵᠢᠭᠦᠯᠭᠡ ᠶᠢ ᠮᠡᠳᠡᠭᠦᠯᠦᠨ ᠬᠦᠷᠭᠡᠬᠦ ᠮᠡᠳᠡᠭᠳᠡᠯ︾᠂ ︽ᠳᠤᠮᠳᠠᠳᠤ | ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠶᠢᠷᠢᠰᠢᠯ ᠤᠨ ᠲᠥᠯᠥᠪᠵᠢᠭᠦᠯᠭᠡ ᠶᠢ ᠮᠡᠳᠡᠭᠦᠯᠦᠨ ᠬᠦᠷᠭᠡᠬᠦ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ | ᠃ | ᠭᠤᠷᠪᠠ᠂ ᠭᠤᠣᠯ ᠠᠭᠤᠯᠭ᠎ᠠ | ︽ᠲᠥᠯᠥᠪᠵᠢᠭᠦᠯᠭᠡ︾ ᠨᠢ ᠨᠡᠶᠢᠲᠡ ᠵᠢᠷᠭᠤᠭᠠᠨ ᠪᠦᠯᠦᠭ᠂ ᠠᠷᠪᠠᠨ ᠭᠤᠷᠪᠠᠳᠤᠭᠠᠷ ᠵᠤᠷᠪᠤᠰ᠃ ᠭᠤᠣᠯ | ᠠᠭᠤᠯᠭ᠎ᠠ ᠶᠢ ᠲᠣᠳᠣᠷᠬᠠᠶᠢᠯᠠᠪᠠ᠄ | 1. ᠣᠳᠣ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠦᠨᠳᠦᠰᠦᠨ ᠪᠠᠶᠢᠳᠠᠯ᠃ | 2. ᠣᠳᠣ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠶᠢᠷᠢᠯᠠᠭᠤᠯᠤᠯᠲᠠ ᠶᠢᠨ | ᠪᠠᠶᠢᠳᠠᠯ ᠳᠣᠤᠷ᠎ᠠ ᠣᠷᠣᠰᠢᠵᠤ ᠪᠠᠶᠢᠭ᠎ᠠ ᠠᠰᠠᠭᠤᠳᠠᠯ᠃ | 3. ᠣᠶᠢᠷ᠎ᠠ ᠶᠢᠨ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ᠃ | 4. ᠣᠶᠢᠷ᠎ᠠ ᠶᠢᠨ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢᠨ ᠶᠡᠷᠦᠩᠬᠡᠢ ᠱᠠᠭᠠᠷᠳᠠᠯᠭ᠎ᠠ᠃ | 5.2024 - 2025 ᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢᠨ ᠭᠤᠤᠯ ᠡᠭᠦᠷᠭᠡ᠃ | 6. ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ | ᠲᠥᠯᠥᠪᠵᠢᠭᠦᠯᠭᠡ ᠳᠤ ᠬᠡᠷᠡᠭᠰᠡᠬᠦ ᠪᠡᠯᠡ ᠮᠥᠩᠭᠦ ᠪᠠ ᠪᠠᠭᠰᠢ ᠶᠢᠨ ᠪᠠᠲᠤᠯᠠᠭ᠎ᠠ ᠶᠢ ᠬᠠᠩᠭᠠᠨ᠎ᠠ᠃ | |