ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠠᠶᠢᠳᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/5/28
    ᠨᠠᠶᠢᠳᠠᠭᠰᠠᠨ ᠨᠢᠭᠡᠴᠡ᠄ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ      ᠰᠢᠨᠵᠢ ᠴᠢᠨᠠᠷ᠄ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ  ᠨᠠᠢᠳᠠᠯᠭ᠎ᠠ ᠬᠦᠯᠢᠶᠡᠭᠰᠡᠨ ᠨᠢᠭᠡᠴᠡ᠄ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ    ᠰᠢᠨᠵᠢ ᠴᠢᠨᠠᠷ᠄ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ    ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠪᠠᠲᠤᠯᠠᠬᠤ ᠪᠠ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠨᠠᠶᠢᠳᠠᠵᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠦᠨ᠎ᠡ᠂ ᠪᠣᠳᠠᠲᠠᠶ ᠨᠠᠶᠢᠳᠠᠬᠤ ᠠᠭᠤᠯᠭ᠎ᠠ ᠨᠢ ᠳᠣᠤᠷᠠᠬᠢ ᠮᠡᠲᠦ᠄    ᠨᠢᠭᠡ᠂ ᠨᠠᠶᠢᠳᠠᠵᠤ ᠬᠠᠤᠯᠢ ᠬᠡᠷᠡᠭᠵᠢᠭᠦᠯᠬᠦ ᠬᠡᠪᠴᠢᠶ᠎ᠡ    ᠲᠦᠮᠡᠳ ᠵᠡᠭᠦᠨ ᠬᠤᠰᠢᠭᠤᠨ ᠤ ᠬᠠᠷᠢᠶᠠᠲᠤ ᠣᠷᠣᠨ ᠤ ᠳᠣᠲᠣᠷ᠎ᠠ᠃    ᠬᠤᠶᠠᠷ᠂ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ   ︵ᠨᠢᠭᠡ︶ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ ᠦᠭᠡᠶ ᠪᠠᠷ ᠪᠦᠲᠦᠭᠡᠨ ᠪᠠᠶᠢᠭᠤᠯᠬᠤ ᠪᠠ ᠵᠥᠪᠰᠢᠶᠡᠷᠡᠯ ᠦᠭᠡᠶ ᠪᠠᠷ ᠭᠡᠷ ᠪᠠᠶᠢᠰᠢᠩ ᠪᠣᠷᠣᠯᠠᠭᠤᠯᠤᠨ ᠬᠤᠳᠠᠯᠳᠤᠬᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ᠂ ᠵᠠᠰᠠᠭ ᠤᠨ ᠣᠷᠳᠣᠨ ᠤ ᠨᠥᠭᠡᠴᠡᠯᠡᠭᠰᠡᠨ ᠭᠠᠵᠠᠷ ᠰᠢᠷᠣᠶ ᠳᠡᠭᠡᠷ᠎ᠡ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠳᠤᠷ᠎ᠠ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠬᠦ ᠬᠡᠷᠡᠭᠲᠡᠶ᠃  ︵ᠬᠤᠶᠠᠷ︶ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠡᠵᠡᠩᠨᠡᠯᠲᠡ ᠶᠢᠨ ᠡᠯ᠎ᠡ ᠲᠥᠷᠥᠯ ᠤᠨ ᠠᠵᠢᠯᠯᠠᠭ᠎ᠠ ᠪᠠ ᠡᠵᠡᠩᠨᠡᠯᠲᠡ ᠶᠢᠨ ᠵᠥᠪᠰᠢᠶᠡᠷᠡᠯ ᠣᠯᠤᠭᠰᠠᠨ ᠪᠣᠯᠪᠠᠴᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃ ︵ᠭᠤᠷᠪᠠ︶ ᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ᠂ ᠪᠠᠷᠢᠯᠭ᠎ᠠ ᠶᠢᠨ ᠨᠢᠭᠤᠷ ᠲᠠᠯ᠎ᠠ ᠪᠠ ᠪᠠᠷᠢᠯᠭ᠎ᠠ ᠶᠢᠨ ᠥᠩᠭᠡ ᠪᠤᠳᠤᠭ ᠵᠥᠪᠰᠢᠶᠡᠷᠡᠭᠰᠡᠨ ᠤ ᠳᠠᠷᠠᠭ᠎ᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠲᠣᠭᠲᠠᠭᠠᠯ ᠠᠴᠠ ᠵᠥᠷᠢᠴᠡᠨ ᠭᠡᠷ ᠤᠨ ᠭᠠᠳᠠᠨᠠᠬᠢ ᠵᠠᠷ ᠮᠡᠳᠡᠭᠡ ᠪᠠ ᠫᠠᠶᠢᠰᠠ ᠢᠯᠡᠷᠬᠡᠶᠢᠯᠡᠯ ᠤᠨ ᠦᠢᠯᠡ ᠠᠵᠢᠯᠯᠠᠭ᠎ᠠ᠂ ᠲᠣᠭᠲᠠᠭᠠᠯ ᠠᠴᠠ ᠵᠥᠷᠢᠴᠡᠨ ᠵᠠᠮ ᠤᠨ ᠨᠡᠷᠡᠲᠦ ᠲᠡᠮᠳᠡᠭ ᠢ ᠪᠠᠶᠢᠷᠢᠯᠠᠭᠤᠯᠬᠤ ᠵᠠᠰᠠᠭ ᠵᠠᠬᠢᠷᠭᠠᠨ ᠤ ᠰᠢᠢᠳᠭᠡᠨ ᠲᠣᠷᠭᠠᠬᠤ ᠡᠷᠬᠡ ᠶᠢ ᠬᠡᠷᠡᠭᠵᠢᠭᠦᠯᠬᠦ ᠬᠡᠷᠡᠭᠲᠡᠶ᠃ ᠵᠠᠮ ᠳᠠᠭᠠᠤ ᠴᠢᠯᠠᠭᠤ ᠠᠴᠠ ᠳᠡᠭᠡᠭᠰᠢᠬᠢ ᠲᠣᠭᠲᠠᠭᠠᠯ ᠠᠴᠠ ᠵᠥᠷᠢᠴᠡᠨ ᠲᠡᠷᠭᠡᠨ ᠵᠣᠭᠰᠣᠭᠠᠯ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠬᠦ ᠬᠡᠷᠡᠭᠲᠡᠶ᠃    ︵ᠲᠦᠷᠪᠡ︶ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ ᠶᠢ ᠴᠤᠭᠯᠠᠭᠤᠯᠬᠤ᠂ ᠴᠡᠪᠡᠷᠯᠡᠨ ᠲᠡᠭᠡᠭᠡᠪᠦᠷᠢᠯᠡᠬᠦ᠂ ᠴᠢᠳᠬᠤᠬᠤ᠂ ᠰᠢᠢᠳᠪᠦᠷᠢᠯᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠬᠡ ᠶᠢ ᠬᠡᠷᠡᠭᠵᠢᠭᠦᠯᠬᠦ ᠬᠡᠷᠡᠭᠲᠡᠢ᠃    ᠭᠤᠷᠪᠠ᠂ ᠨᠠᠶᠢᠳᠠᠭᠰᠠᠨ ᠬᠤᠶᠠᠷ ᠲᠠᠯ᠎ᠠ ᠶᠢᠨ ᠬᠠᠷᠢᠭᠤᠴᠠᠯᠭ᠎ᠠ    ︵ᠨᠢᠭᠡ︶ ᠨᠠᠶᠢᠳᠠᠭᠰᠠᠠ ᠨᠢᠭᠡᠴᠢ ᠶᠢᠨ ᠬᠠᠷᠢᠭᠤᠴᠠᠯᠭ᠎ᠠ    1. ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠳᠤ ᠨᠠᠶᠢᠳᠠᠯᠭ᠎ᠠ ᠬᠦᠯᠢᠶᠡᠭᠰᠡᠨ ᠨᠢᠭᠡᠴᠢ ᠨᠢ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠨᠠᠶᠢᠳᠠᠭᠰᠠᠨ ᠨᠢᠭᠡᠴᠢ ᠶᠢᠨ ᠨᠡᠷ᠎ᠡ ᠪᠠᠷ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃    2. ᠨᠠᠶᠢᠳᠠᠯᠭ᠎ᠠ ᠬᠦᠯᠢᠶᠡᠭᠰᠡᠨ ᠨᠢᠭᠡᠴᠡ ᠨᠢ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠠᠴᠠ ᠪᠤᠶ ᠪᠣᠯᠤᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠨᠠᠶᠢᠳᠠᠭᠰᠠᠨ ᠨᠢᠭᠡᠴᠡ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠭᠰᠡᠨ ᠤ ᠳᠠᠷᠠᠭ᠎ᠠ᠂ ᠨᠠᠶᠢᠳᠠᠯᠭ᠎ᠠ ᠶᠢ ᠬᠦᠯᠢᠶᠡᠭᠰᠡᠨ ᠨᠢᠭᠡᠴᠡ ᠪᠣᠯᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ ᠪᠣᠯᠤᠨ᠎ᠠ᠃    3. ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠬᠠᠤᠯᠢ ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠠᠯᠠᠷᠠᠭᠤᠯᠬᠤ ᠪᠤᠶᠤ ᠬᠦᠴᠦᠨ ᠦᠭᠡᠢ ᠪᠣᠯᠭᠠᠨ᠎ᠠ᠃ 4. ᠨᠠᠶᠢᠳᠠᠭᠰᠠᠨ ᠨᠢᠭᠡᠴᠢ ᠨᠢ ᠨᠠᠶᠢᠳᠠᠯᠭ᠎ᠠ ᠬᠦᠯᠢᠶᠡᠭᠰᠡᠨ ᠨᠢᠭᠡᠴᠢ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠩᠭᠠᠬᠤ ᠶᠢᠨ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ᠂ ᠬᠦᠰᠦᠨᠦᠭᠲᠦ ᠵᠢᠴᠢ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃    ︵ᠬᠤᠶᠠᠷ︶ ᠨᠠᠶᠢᠳᠠᠭᠴᠢ ᠨᠢᠭᠡᠴᠢ ᠶᠢᠨ ᠬᠠᠷᠢᠭᠤᠴᠠᠯᠭ᠎ᠠ    1. ᠨᠠᠶᠢᠳᠠᠭᠳᠠᠭᠰᠠᠨ ᠨᠢᠭᠡᠴᠢ ᠵᠥᠪᠬᠡᠨ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠨᠠᠶᠢᠳᠠᠭᠰᠠᠨ ᠨᠢᠭᠡᠴᠢ ᠶᠢᠨ ᠨᠡᠷ᠎ᠡ ᠪᠠᠷ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠦᠨ᠎ᠡ᠂ ᠨᠠᠶᠢᠳᠠᠯᠭ᠎ᠠ ᠬᠦᠯᠢᠶᠡᠭᠰᠡᠨ ᠨᠢᠭᠡᠴᠢ ᠥᠪᠡᠷ ᠤᠨ ᠨᠡᠷ᠎ᠡ ᠪᠠᠷ ᠬᠠᠤᠯᠢ ᠬᠡᠷᠡᠭᠵᠢᠭᠦᠯᠬᠦ ᠪᠤᠶᠤ ᠨᠠᠶᠢᠳᠠᠭᠰᠠᠨ ᠡᠷᠬᠡ ᠮᠡᠳᠡᠯ ᠤᠨ ᠬᠡᠪᠴᠢᠶ᠎ᠡ ᠠᠴᠠ ᠪᠠᠨ ᠬᠡᠲᠦᠷᠡᠭᠦᠯᠦᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠠᠴᠠ ᠪᠣᠯᠤᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠨᠠᠶᠢᠳᠠᠯᠭ᠎ᠠ ᠬᠦᠯᠢᠶᠡᠭᠰᠡᠨ ᠨᠢᠭᠡᠴᠢ ᠥᠪᠡᠰᠦᠪᠡᠨ ᠡᠭᠦᠷᠭᠡᠯᠡᠨ᠎ᠡ᠃    2. ᠨᠠᠶᠢᠳᠠᠯᠭ᠎ᠠ ᠬᠦᠯᠢᠶᠡᠭᠰᠡᠨ ᠨᠢᠭᠡᠴᠢ ᠨᠦᠭᠦᠳ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠡᠷᠡᠭᠵᠢᠭᠦᠯᠦᠨ᠎ᠡ᠂ ᠵᠠᠰᠠᠭ ᠵᠠᠬᠢᠷᠭᠠᠨ ᠤ ᠰᠢᠢᠳᠬᠡᠯ ᠢ ᠡᠷᠬᠡᠪᠰᠢ ᠪᠣᠳᠠᠲᠤ ᠬᠡᠷᠡᠭ ᠨᠢ ᠲᠣᠳᠣᠷᠬᠠᠶ᠂ ᠭᠡᠷᠡᠴᠢ ᠪᠠᠷᠢᠮᠲᠠ ᠨᠢ ᠦᠨᠡᠨ ᠪᠣᠳᠠᠲᠠᠶ᠂ ᠳᠡᠰ ᠳᠠᠷᠠᠭᠠᠯᠠᠯ ᠨᠢ ᠪᠦᠷᠢᠨ ᠲᠡᠭᠦᠯᠳᠡᠷ᠂ ᠲᠣᠷᠭᠠᠭᠤᠯᠢ ᠨᠢ ᠵᠣᠬᠢᠰᠲᠠᠶ ᠪᠠᠶᠢᠯᠭᠠᠬᠤ ᠬᠡᠷᠡᠭᠲᠡᠶ᠃    3. ᠨᠠᠶᠢᠳᠠᠯᠭ᠎ᠠ ᠶᠢ ᠬᠦᠯᠢᠶᠡᠭᠰᠡᠨ ᠨᠢᠭᠡᠴᠢ ᠨᠢ ᠪᠤᠰᠤᠳ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠳᠤ ᠨᠠᠶᠢᠳᠠᠵᠤ ᠨᠠᠶᠢᠳᠠᠭᠰᠠᠨ ᠨᠢᠭᠡᠴᠢ ᠶᠢᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠂ ᠡᠰᠡ ᠲᠡᠭᠡᠪᠡᠯ ᠡᠭᠦᠨ ᠠᠴᠠ ᠪᠣᠯᠤᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃    4. ᠨᠠᠶᠢᠳᠠᠯᠭ᠎ᠠ ᠶᠢ ᠬᠦᠯᠢᠶᠡᠭᠰᠡᠨ ᠨᠢᠭᠡᠴᠢ ᠨᠠᠶᠢᠳᠠᠭᠰᠠᠨ ᠨᠢᠭᠡᠴᠢ ᠶᠢᠨ ᠵᠢᠯᠣᠭᠤᠳᠣᠯᠭ᠎ᠠ ᠪᠠ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠠᠶᠢᠳᠠᠭᠰᠠᠨ ᠨᠢᠭᠡᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠣᠷᠣᠯᠴᠠᠬᠤ ᠪᠠ ᠬᠠᠮᠵᠢᠯᠴᠠᠬᠤ ᠬᠡᠷᠡᠭᠲᠡᠶ᠃    ᠳᠥᠷᠪᠡ᠂ ᠨᠠᠶᠢᠳᠠᠵᠤ ᠬᠠᠤᠯᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ  ᠲᠤᠰ ᠨᠠᠶᠢᠳᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠡᠳᠦᠷ ᠠᠴᠠ ᠡᠬᠢᠯᠡᠨ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠢ ᠨᠡᠶᠢᠲᠡᠯᠡᠬᠦ ᠠᠴᠠ ᠡᠮᠦᠨ᠎ᠡ ᠬᠦᠴᠦᠨ ᠲᠠᠢ ᠪᠣᠯᠪᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号