ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠢᠰᠦᠳᠦᠭᠡᠷ ᠪᠦᠯᠦᠭ ᠤᠨ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/5/6
    ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠳᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠦᠷᠢᠮ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠲᠥᠷᠥᠯ ᠵᠦᠢᠯ ᠤᠨ ᠤᠯᠠᠮᠵᠢᠯᠠᠭᠴᠢ ᠨᠠᠰᠤᠵᠢᠬᠤ ᠳᠤ ᠲᠤᠯᠭᠠᠷᠠᠵᠤ ᠪᠠᠶᠢᠭ᠎ᠠ ᠴᠢᠳᠠᠪᠤᠷᠢᠲᠠᠨ ᠤ ᠲᠠᠰᠤᠯᠤᠯᠲᠠ ᠶᠢᠨ ᠠᠰᠠᠭᠤᠳᠠᠯ ᠢ ᠭᠦᠢᠴᠡᠳ ᠰᠢᠢᠳᠪᠦᠷᠢᠯᠡᠵᠦ᠂ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠷᠠᠭᠤᠯᠬᠤ᠂ ᠨᠡᠶᠢᠭᠡᠮ ᠤᠨ ᠵᠠᠷᠯᠠᠨ ᠨᠡᠶᠢᠲᠡᠯᠡᠬᠦ ᠪᠠ ᠳᠠᠬᠢᠨ ᠬᠢᠨᠠᠬᠤ ᠪᠠᠷ ᠳᠡᠮᠵᠢᠨ᠂ ᠮᠠ ᠢᠦᠶ ᠪᠢᠶᠣᠣ ᠶᠢᠨ ᠠᠷᠪᠠᠨ ᠨᠢᠭᠡᠳᠦᠭᠡᠷ ᠪᠦᠯᠦᠭ ᠬᠤᠰᠢᠭᠤᠨ ᠤ ᠲᠠᠰ ᠤᠨ ᠲᠥᠷᠥᠯ ᠵᠦᠢᠯ ᠤᠨ ︽ᠱᠠᠩᠳᠠ ᠲᠣᠰᠬᠤᠨ ᠤ ᠮᠠᠢ ᠶᠢᠨ ᠰᠢᠬᠢᠷ ᠦᠢᠯᠡᠳᠬᠦ ᠤᠷ᠎ᠠ ᠮᠡᠷᠭᠡᠵᠢᠯ︾ ᠤᠨ ᠶᠢᠰᠦᠳᠦᠭᠡᠷ ᠪᠦᠯᠦᠭ ᠬᠤᠰᠢᠭᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠠᠷ ᠲᠣᠭᠲᠠᠭᠠᠵᠠᠢ᠃ ᠠᠮᠤᠭᠤᠯᠠᠩ ᠠᠷᠪᠠᠨ ᠨᠢᠭᠡᠳᠦᠭᠡᠷ ᠪᠦᠯᠦᠭ ᠬᠤᠰᠢᠭᠤᠨ ᠲᠠᠰ ᠤᠨ ᠲᠥᠷᠥᠯ ᠵᠦᠢᠯ ᠤᠨ ︽ᠲᠦᠮᠡᠳ ᠮᠣᠷᠢᠨ ᠬᠤᠭᠤᠷ ᠤᠨ ᠬᠥᠭᠵᠢᠮ ᠬᠥᠭᠵᠢᠮᠳᠡᠬᠦ︾ ᠶᠢᠰᠦᠳᠦᠭᠡᠷ ᠪᠦᠯᠦᠭ ᠬᠤᠰᠢᠭᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ᠄ ᠢᠦᠶ ᠯᠢ ᠹᠧᠩ ᠠᠷᠪᠠᠨ ᠨᠢᠭᠡᠳᠦᠭᠡᠷ ᠪᠦᠯᠦᠭ ᠬᠤᠰᠢᠭᠤᠨ ᠲᠠᠰ ᠤᠨ ᠲᠥᠷᠥᠯ ᠵᠦᠢᠯ ᠤᠨ ︽ᠪᠢᠴᠢᠭᠡᠴᠢ ᠪᠠᠯᠭᠠᠰᠦ ᠶᠢ ᠥᠨᠳᠥᠷ ᠬᠦᠯ ᠲᠠᠢ ᠳᠠᠪᠬᠤᠷᠯᠠᠬᠤ︾ ᠶᠢᠰᠦᠳᠦᠭᠡᠷ ᠪᠦᠯᠦᠭ ᠬᠤᠰᠢᠭᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠪᠠᠷ ᠲᠣᠭᠲᠠᠭᠠᠵᠠᠢ᠃    ᠣᠨᠴᠠᠭᠠᠶᠢᠯᠠᠨ ᠮᠡᠳᠡᠭᠳᠡᠪᠡ᠃                 ᠲᠦᠮᠡᠳ ᠵᠡᠭᠦᠨ ᠬᠤᠱᠢᠭᠤᠨ ᠤ ᠠᠷᠠᠳ ᠶᠢᠨ ᠵᠠᠰᠠᠭ ᠤᠨ ᠣᠷᠳᠣᠨ                        2024 ᠣᠨ ᠤ 5 ᠰᠠᠷ᠎ᠠ ᠶᠢᠨ 6 ᠤ ᠡᠳᠦᠷ
 
ᠢᠷᠡᠯᠲᠡ᠄ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号