ᠪᠢᠴᠢᠭᠡᠴᠢ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ  ᠦᠷᠨᠢᠭᠦᠯᠪᠡ
ᠨᠡᠶᠢᠲᠡᠯᠡᠭᠰᠡᠨ ᠴᠠᠭ᠄
2024/5/8
     ᠣᠷᠣᠰᠢᠨ ᠰᠠᠭᠤᠬᠤ ᠳᠤ ᠲᠣᠬᠢᠷᠠᠮᠵᠢᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ᠂ ᠪᠢᠴᠢᠭᠡᠴᠢ ᠪᠠᠯᠭᠠᠰᠤ ᠣᠯᠠᠨ ᠲᠠᠯ᠎ᠠ ᠪᠠᠷ ᠬᠦᠴᠦᠯᠡᠨ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠥᠬᠦ ᠪᠠᠯᠭᠠᠰᠤᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠪᠡ᠃
C:\Users\bch\Desktop\5.08\5.08  乡镇  全面开展环境卫生整治 擦亮毕克齐镇图1.png
       ᠨᠠᠷᠢᠨ ᠨᠢᠮᠪᠠᠢ ᠲᠣᠬᠢᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠨ᠎ᠡ᠃ ᠪᠢᠴᠢᠭᠡᠴᠢ  ᠪᠠᠯᠭᠠᠰᠤ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠢᠳᠡᠪᠬᠢᠲᠡᠢ ᠪᠠᠷ ᠤᠬᠠᠭᠤᠯᠤᠨ ᠬᠥᠲᠥᠯᠥᠨ ᠵᠢᠯᠤᠭᠤᠳᠴᠤ᠂ ᠤᠯᠠᠨ ᠲᠦᠮᠡᠨ ᠤ ᠢᠳᠡᠪᠬᠢᠵᠢᠯ ᠢ ᠭᠦᠢᠴᠡᠳ ᠳᠠᠶᠢᠴᠢᠯᠠᠨ᠂︽ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ︾ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠨᠠᠶᠢᠳᠠᠪᠤᠷᠢᠵᠢᠭᠤᠯᠬᠤ ᠶᠢ ᠠᠬᠢᠭᠤᠯᠪᠠ᠃     ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠯᠠᠪᠳᠠᠭᠤᠨ ᠪᠠᠲᠤᠲᠠᠢ ᠥᠷᠨᠢᠭᠦᠯᠪᠡ᠃ ᠪᠠᠯᠭᠠᠰᠤ᠂ ᠲᠣᠰᠬᠤᠨ ᠬᠤᠶᠠᠷ ᠱᠠᠲᠤᠨ ᠤ ᠺᠠᠳ᠋ᠷᠴᠤᠳ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠢᠶᠠᠲᠤ ᠣᠷᠣᠨ ᠤ ᠭᠤᠣᠯ ᠳᠡᠳ᠋ ᠵᠠᠮ᠂ ᠭᠡᠷ ᠤᠨ ᠠᠷᠤ ᠲᠠᠯ᠎ᠠ᠂ ᠭᠤᠣᠯ ᠤᠨ ᠵᠠᠮ ᠤᠨ ᠬᠤᠶᠠᠷ ᠬᠠᠵᠠᠭᠤ ᠶᠢᠨ ᠮᠤᠵᠢᠭᠤᠳᠠ ᠬᠤᠭ ᠨᠣᠪᠰᠢ᠂ ᠬᠤᠪᠠᠭ᠋ᠠᠢ ᠰᠠᠯᠠᠭ᠎ᠠ ᠨᠠᠮᠠᠭ᠎ᠠ ᠵᠡᠷᠭᠡ ᠶᠢ ᠲᠥᠪᠯᠡᠷᠡᠭᠦᠯᠦᠨ ᠴᠡᠪᠡᠷᠯᠡᠬᠦ ᠶᠢᠨ ᠬᠠᠮᠲᠤ ᠡᠷᠦᠬᠡ ᠳᠤ ᠬᠦᠷᠴᠦ ᠳᠠᠶᠢᠴᠢᠯᠠᠬᠤ ᠪᠠ ᠪᠦᠷᠢᠶ᠎ᠡ ᠪᠠᠷ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠬᠠᠮᠠᠭᠠᠯᠠᠯ ᠤᠨ ᠦᠵᠡᠯ ᠤᠬᠠᠮᠰᠠᠷ᠂ ᠪᠣᠯᠪᠠᠰᠤᠨ ᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠲᠡᠢ᠃     ᠢᠳᠡᠪᠬᠢᠲᠡᠢ ᠪᠠᠷ ᠬᠥᠳᠡᠯᠦᠯᠴᠡᠵᠦ᠂ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠨ᠎ᠡ᠃ ︽ᠳᠤᠲᠠᠭᠳᠠᠯ ᠢ ᠨᠥᠬᠦᠪᠦᠷᠢᠯᠡᠬᠦ᠂  ᠪᠠᠭᠤᠷᠠᠢ ᠲᠠᠯ᠎ᠠ ᠪᠠᠨ ᠴᠢᠩᠭᠠᠳᠬᠠᠵᠤ᠂ ᠭᠤᠣᠯᠳᠠᠯᠭ᠎ᠠ ᠶᠢ ᠠᠳᠬᠤᠬᠤ︾ ᠶᠢ ᠲᠣᠪᠤᠶᠢᠯᠭᠠᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠳᠤ ᠨᠠᠩ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃      ᠳᠠᠷᠠᠭᠠᠴᠢ ᠶᠢᠨ ᠠᠯᠬᠤᠮ ᠳᠤ᠂ ᠪᠢᠴᠢᠭᠡᠴᠢ ᠪᠠᠯᠭᠠᠰᠤ ᠠᠰᠢᠭᠲᠠᠢ ᠲᠤᠷᠰᠢᠯᠭ᠎ᠠ  ᠶᠢ ᠳ᠋ᠦᠩᠨᠡᠵᠦ᠂ ᠠᠶᠢᠯ ᠲᠣᠰᠬᠤᠨ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠬᠠᠷᠢᠭᠤᠴᠠᠯᠭ᠎ᠠ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠭᠤᠶᠢᠳᠠ ᠰᠠᠶᠢᠬᠠᠨ᠂ ᠠᠷᠢᠭᠤᠨ ᠴᠡᠪᠡᠷ ᠠᠷᠢᠭᠤᠨ ᠴᠡᠪᠡᠷ᠂ ᠪᠣᠯᠪᠠᠰᠤᠨ ᠡᠶ᠎ᠡ ᠵᠣᠬᠢᠴᠠᠩᠭᠤᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠵᠣᠯ ᠵᠢᠷᠭᠠᠯᠲᠤ ᠰᠠᠶᠢᠨ ᠰᠠᠶᠢᠬᠠᠨ ᠵᠢᠷᠤᠭ ᠢ ᠵᠢᠷᠤᠭᠯᠠᠬᠤ ᠪᠠᠷ ᠴᠢᠷᠮᠠᠶᠢᠨ᠎ᠠ᠃  
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号