ᠴᠡᠯᠡᠭᠡᠷ ᠲᠠᠯ᠎ᠠ ᠪᠠᠯᠭᠠᠰᠤ X026- ᠳᠤᠮᠳᠠᠲᠤ ᠳᠠᠯᠠᠢ ᠵᠠᠮ ᠢ ᠬᠤᠯᠪᠣᠬᠤ ᠠᠵᠢᠯ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/9
    5 ᠰᠠᠷ᠎ᠠ ᠶᠢᠨ 8 ᠤ ᠡᠳᠦᠷ᠂ ᠴᠡᠯᠡᠭᠡᠷ ᠲᠠᠯ᠎ᠠ ᠪᠠᠯᠭᠠᠰᠤ ᠥᠷᠲᠡᠭᠡᠨ ᠳᠤ X026-  ᠳᠤᠮᠲᠠᠲᠤ ᠲᠡᠯᠡᠶ  ᠵᠠᠮ ᠤᠨ ᠲᠣᠤᠷᠯᠢᠭ ᠵᠠᠮ ᠤᠨ ᠲᠥᠷᠥᠯ ᠵᠦᠢᠯ  ᠤᠨ ᠠᠵᠢᠯ ᠡᠬᠢᠯᠡᠭᠦᠯᠬᠦ ᠶᠣᠰᠣᠯᠠᠯ ᠶᠠᠪᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠢᠶᠠᠩ ᠵᠢᠶᠦ᠋ᠨ ᠢ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠵᠠᠩ ᠬᠤᠶ ᠢ ᠵᠡᠷᠭᠡ ᠬᠥᠮᠦᠰ ᠶᠠᠪᠤᠭᠳᠠᠪᠠ᠃ ᠦᠷᠳᠡᠭᠡ ᠲᠣᠰᠬᠤᠨ ᠤ ᠬᠤᠶᠠᠷ ᠵᠥᠪᠯᠡᠯ ᠤᠨ ᠪᠠᠭ ᠤᠨ ᠪᠦᠷᠢᠯᠳᠦᠬᠦᠨ ᠵᠢᠴᠢ ᠪᠠᠷᠢᠯᠭ᠎ᠠ ᠶᠢᠨ ᠠᠵᠢᠯ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃  ᠪᠠᠯᠭᠠᠰᠤᠨ ᠤ ᠳᠠᠷᠤᠭ᠎ᠠ ᠵᠢᠶᠠᠩ ᠵᠢᠶᠦ᠋ᠨ ᠢ ᠲᠥᠷᠥᠯ ᠵᠦᠢᠯ ᠤᠨ ᠠᠵᠢᠯ ᠡᠬᠢᠯᠡᠭᠰᠡᠨ ᠢ ᠵᠠᠷᠯᠠᠭᠰᠠᠨ ᠪᠦᠭᠡᠳ ᠡᠨᠡ ᠬᠦ ᠵᠠᠮ ᠤᠨ ᠪᠦᠲᠦᠭᠡᠨ ᠪᠠᠶᠢᠭᠤᠯᠤᠯᠲᠠ ᠨᠢ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢᠨ ᠭᠠᠷᠳᠠᠬᠤ ᠴᠡᠭ ᠪᠣᠯᠤᠭᠰᠠᠨ ᠤ ᠬᠤᠪᠢ ᠳᠤ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠩᠭᠡᠷᠡᠭᠰᠡᠨ ᠤ ︽ᠪᠤᠬᠢᠨᠢᠳᠤᠵᠤ ᠪᠠᠶᠢᠭ᠎ᠠ ᠵᠠᠮ︾ ᠢ ᠲᠣᠰᠬᠤᠨ ᠤ ᠠᠷᠠᠳ ᠲᠤ ᠦᠢᠯᠡᠴᠢᠯᠡᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ ︽ᠰᠡᠳᠬᠢᠯ ᠤᠨ ᠬᠤᠯᠪᠤᠭᠠᠰᠤ ᠶᠢᠨ ᠵᠠᠮ︾ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠢᠯᠡᠳᠬᠡᠪᠡ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠵᠢᠯᠣᠭᠤᠳᠤᠨ ᠵᠣᠬᠢᠴᠠᠭᠤᠯᠬᠤ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠠᠬᠢᠴᠠ ᠪᠠᠨ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠶᠠᠰᠤ ᠴᠢᠨᠠᠷ ᠢ ᠴᠢᠩᠭ᠎ᠠ ᠡᠵᠡᠮᠳᠡᠵᠦ᠂ ᠵᠠᠮ ᠢ ᠴᠠᠭ ᠲᠤᠬᠠᠶ ᠳᠤᠨᠢ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠤᠰᠢᠶᠠᠬᠤ ᠶᠢ ᠦᠨᠡᠨᠬᠦ ᠪᠠᠲᠤᠯᠠᠨ᠎ᠠ ᠭᠡᠵᠡᠢ᠃    ᠣᠶᠢᠯᠠᠭᠠᠭᠰᠠᠨ ᠢᠶᠠᠷ᠂ ᠲᠣᠰ ᠤᠳᠠᠭ᠎ᠠ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠰᠦᠪ ᠤᠨ ᠪᠠᠯᠠ ᠣᠷᠣᠭᠤᠯᠤᠯᠲᠠ 115 ᠲᠦᠮᠡᠨ ᠲᠥᠭᠦᠷᠢᠭ ᠪᠠᠶᠢᠵᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠥᠬᠦ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠲᠥᠬᠦᠮ ᠦᠵᠡᠭᠦᠯᠵᠦ᠂ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠬᠦ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠤᠨ᠎ᠠ᠃    ᠵᠠᠮ ᠤᠨ ᠪᠦᠳᠦᠭᠡᠨ ᠪᠠᠶᠢᠭᠤᠯᠤᠯᠲᠠ ᠪᠣᠯ ᠤᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠠᠷᠠᠳ ᠤᠨ ᠰᠡᠳᠬᠢᠯ ᠤᠨ ᠪᠣᠳᠠᠲᠤ ᠶᠠᠪᠤᠳᠠᠯ ᠪᠣᠯᠬᠤ ᠪᠠᠷ ᠪᠠᠷᠠᠬᠤ ᠦᠭᠡᠢ ᠪᠠᠰᠠ ᠴᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠲᠤᠰᠠᠲᠤ ᠵᠠᠰᠠᠭ ᠤᠨ ᠢᠨᠵᠧᠨᠧᠷᠢᠩ ᠪᠣᠯᠤᠨ᠎ᠠ᠃ ᠴᠡᠯᠡᠭᠡᠷ ᠲᠠᠯ᠎ᠠ ᠪᠠᠯᠭᠠᠰᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠵᠠᠮ ᠤᠨ ᠪᠦᠲᠦᠭᠡᠨ ᠪᠠᠶᠢᠭᠤᠯᠤᠯᠲᠠ ᠶᠢ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠠ ᠬᠥᠮᠦᠰ ᠤᠨ ᠰᠡᠳᠬᠢᠯ ᠢ ᠨᠢᠭᠲᠠᠷᠠᠭᠤᠯᠬᠤ ᠢᠨᠵᠧᠨᠧᠷᠢᠩ ᠤᠨ ᠦᠨᠳᠦᠰᠦᠨ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠵᠦ᠂ ᠲᠣᠰᠬᠤᠨ ᠤ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠮᠠᠨ ᠤ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠤᠨ ᠲᠦᠷᠭᠡᠨ ᠲᠠᠪᠰᠢᠯᠳᠠ ᠶᠢ ᠠᠬᠢᠭᠤᠯᠤᠨ᠎ᠠ᠃
 
ᠢᠷᠡᠯᠲᠡ᠄ ᠴᠡᠯᠡᠭᠡᠷ ᠲᠠᠯ᠎ᠠ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号