ᠪᠠᠢ ᠮᠢᠶᠣᠣ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠦᠢᠯᠡᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠲᠦᠷᠢᠮ
ᠨᠡᠶᠢᠲᠡᠯᠡᠭᠰᠡᠨ ᠴᠠᠭ᠄
2024/6/10
    ᠨᠢᠭᠡ᠂ ᠶᠡᠷᠦᠩᠬᠡᠢ ᠲᠦᠷᠢᠮ    1. ᠪᠠᠢ ᠮᠢᠶᠣᠣ ᠽᠢ ᠪᠠᠯᠭᠠᠰᠤᠨ ᠤ ᠵᠠᠰᠠᠭ ᠵᠠᠬᠢᠷᠭᠠᠨ ᠤ ᠵᠦᠢᠯᠡᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠪᠠᠲᠤᠯᠠᠬᠤ ᠶᠢᠨ ᠲᠥᠯᠥᠭᠡ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠣᠰ ᠳᠦᠷᠢᠮ ᠢ ᠣᠨᠴᠠᠭᠠᠶᠢᠯᠠᠨ ᠲᠣᠭᠲᠠᠭᠠᠪᠠ᠃    2. ᠲᠣᠰ ᠲᠦᠷᠢᠮ ᠨᠢ ᠪᠠᠶ ᠮᠢᠶᠣᠣ ᠽᠢ ᠪᠠᠯᠭᠠᠰᠤᠨ ᠤ ᠬᠡᠪᠴᠢᠶᠡᠨ ᠳᠣᠲᠣᠷᠠᠬᠢ ᠵᠠᠰᠠᠭ ᠵᠠᠬᠢᠷᠭᠠᠨ ᠤ ᠵᠦᠢᠯᠡᠰ ᠲᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠠᠵᠢᠯᠯᠠᠭ᠎ᠠ ᠳᠤ ᠬᠡᠷᠡᠭᠯᠡᠨ᠎ᠡ᠃    3. ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠨᠢ ᠬᠠᠤᠯᠢ ᠶᠣᠰᠣᠨ ᠤ᠂ ᠲᠥᠪ ᠭᠤᠤᠯᠴᠢ᠂ ᠢᠯᠡ᠂ ᠴᠠᠭ ᠲᠤᠬᠠᠶ ᠳᠤᠨᠢ ᠪᠠᠶᠢᠬᠤ ᠵᠠᠷᠴᠢᠮ ᠢ ᠵᠢᠷᠤᠮᠯᠠᠨ᠂ ᠬᠤᠪᠢ ᠬᠥᠮᠦᠨ ᠤ ᠨᠢᠭᠤᠴᠠ ᠪᠣᠯᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠬᠡᠷᠡᠭᠲᠡᠶ᠃    ᠬᠤᠶᠠᠷ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ    1. ᠪᠠᠢ ᠮᠢᠶᠣᠣ ᠽᠢ ᠪᠠᠯᠭᠠᠰᠤ ᠨᠢ ᠵᠠᠰᠠᠭ ᠵᠠᠬᠢᠷᠭᠠᠨ ᠤ ᠵᠦᠢᠯᠡᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠵᠠᠰᠠᠭ ᠵᠠᠬᠢᠷᠭᠠᠨ ᠤ ᠵᠦᠢᠯᠡᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠡᠮᠬᠢᠯᠡᠵᠦ᠂ ᠬᠠᠳᠠᠭᠠᠯᠠᠬᠤ ᠬᠡᠷᠡᠭᠲᠡᠢ᠃    2. ᠢᠲᠡᠭᠡᠮᠵᠢ ᠶᠢᠨ ᠮᠡᠳᠡᠭᠡ ᠵᠠᠩᠭᠢ ᠶᠢᠨ ᠢᠷᠡᠯᠲᠡ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ᠂ ᠣᠯᠠᠨ ᠨᠡᠶᠢᠲᠡ ᠶᠢᠨ ᠠᠵᠢᠯ ᠦᠢᠯᠡᠰ ᠤᠨ ᠨᠢᠭᠡᠴᠡ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠪᠠᠭᠲᠠᠨ᠎ᠠ᠂ ᠠᠭᠤᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠡᠵᠡᠩᠨᠡᠯᠲᠡ ᠶᠢᠨ ᠮᠡᠳᠡᠭᠡ ᠵᠠᠩᠭᠢ᠂ ᠭᠡᠷ᠎ᠡ ᠶᠢ ᠭᠦᠢᠴᠡᠳᠬᠡᠭᠰᠡᠨ ᠮᠡᠳᠡᠭᠡ ᠵᠠᠩᠭᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠵᠡᠷᠭᠡ ᠶᠢ ᠬᠠᠮᠤᠷᠤᠨ᠎ᠠ᠃    3. ᠴᠤᠭᠯᠠᠭᠤᠯᠬᠤ ᠶᠠᠪᠤᠴᠠ ᠳᠤ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠢ ᠦᠨᠡᠨᠬᠦ ᠪᠠᠲᠤᠯᠠᠬᠤ ᠶᠢᠨ ᠬᠠᠮᠲᠤ ᠮᠡᠳᠡᠭᠡ ᠵᠠᠩᠭᠢ ᠶᠢᠨ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃    ᠭᠤᠷᠪᠠ᠂ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠡᠷᠬᠡ ᠮᠡᠳᠡᠯ    1. ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠡᠷᠬᠡ ᠶᠢᠨ ᠬᠢᠵᠠᠭᠠᠷ ᠨᠢ ᠪᠠᠶᠢᠴᠠᠭᠠᠨ ᠯᠠᠪᠯᠠᠬᠤ ᠭᠤᠤᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠ ᠬᠡᠷᠡᠭᠴᠡᠭᠡ ᠪᠠᠨ ᠦᠨᠳᠦᠰᠦᠯᠡᠨ ᠲᠣᠭᠲᠠᠭᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠴᠢᠨᠠᠷ ᠪᠠ ᠨᠢᠭᠤᠴᠠ ᠶᠢ ᠬᠠᠮᠠᠭᠠᠯᠠᠬᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃    2. ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ᠂ ᠣᠯᠠᠨ ᠨᠡᠶᠢᠲᠡ ᠶᠢᠨ ᠠᠵᠢᠯ ᠦᠢᠯᠡᠰ ᠤᠨ ᠨᠢᠭᠡᠴᠡ ᠵᠡᠷᠭᠡ ᠨᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠦᠢᠯᠡᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠡᠷᠬᠡ ᠲᠠᠢ᠃    3. ᠨᠡᠶᠢᠭᠡᠮ ᠨᠡᠶᠢᠲᠡ ᠪᠠᠷ ᠢᠶᠠᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠨᠥᠬᠦᠴᠡᠯ ᠳᠣᠤᠷ᠎ᠠ ᠵᠠᠰᠠᠭ ᠵᠠᠬᠢᠷᠭᠠᠨ ᠤ ᠵᠦᠢᠯᠡᠰ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠤᠨ᠎ᠠ᠃    ᠳᠥᠷᠪᠡ᠂ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠴᠤᠪᠤᠷᠠᠯ  1. ᠪᠠᠶᠢᠴᠠᠭᠠᠨ ᠯᠠᠪᠯᠠᠬᠤ ᠭᠤᠤᠯ ᠴᠣᠭᠴᠠ ᠨᠢ ᠪᠠᠶ ᠮᠢᠶᠣᠣ ᠽᠢ ᠪᠠᠯᠭᠠᠰᠤᠨ ᠤ ᠵᠢᠭᠠᠨ ᠲᠣᠭᠲᠠᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠᠶᠢᠭᠤᠯᠤᠮᠵᠢ ᠪᠤᠶᠤ ᠲᠠᠪᠴᠠᠩ ᠳᠤ ᠪᠠᠶᠢᠴᠠᠭᠠᠨ ᠯᠠᠪᠯᠠᠬᠤ ᠭᠤᠶᠤᠴᠢᠯᠠᠯ ᠳᠤᠷᠠᠳᠬᠤ ᠶᠢᠨ ᠬᠠᠮᠲᠤ ᠬᠦᠴᠦᠨ ᠪᠥᠬᠦᠶ ᠪᠡᠶ᠎ᠡ ᠶᠢᠨ ᠦᠨᠡᠮᠯᠡᠯ ᠪᠠ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃    2. ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠᠶᠢᠭᠤᠯᠤᠮᠵᠢ ᠪᠤᠶᠤ ᠲᠠᠪᠴᠠᠩ ᠨᠢ ᠪᠠᠶᠢᠴᠠᠭᠠᠨ ᠯᠠᠪᠯᠠᠬᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ᠂ ᠲᠣᠭᠲᠠᠭᠰᠠᠨ ᠴᠠᠭ ᠤᠨ ᠳᠣᠲᠣᠷ᠎ᠠ ᠢᠲᠡᠭᠡᠮᠵᠢ ᠶᠢᠨ ᠮᠡᠳᠡᠭᠡ ᠵᠠᠩᠭᠢ ᠶᠢᠨ ᠪᠠᠶᠢᠴᠠᠭᠠᠨ ᠯᠠᠪᠯᠠᠬᠤ ᠪᠠ ᠬᠠᠩᠭᠠᠬᠤ ᠬᠡᠷᠡᠭᠲᠡᠶ᠃    3. ᠪᠠᠶᠢᠴᠠᠭᠠᠨ ᠯᠠᠪᠯᠠᠬᠤ ᠦᠷ᠎ᠡ ᠳ᠋ᠦᠩ ᠢ ᠪᠢᠴᠢᠭ ᠤᠨ ᠬᠡᠯᠪᠡᠷᠢ ᠪᠤᠶᠤ ᠡᠯᠧᠺᠲᠷᠣᠨ ᠬᠡᠯᠪᠡᠷᠢ ᠪᠠᠷ ᠬᠠᠩᠭᠠᠬᠤ ᠶᠢᠨ ᠬᠠᠮᠲᠤ ᠪᠠᠶᠢᠴᠠᠭᠠᠨ ᠯᠠᠪᠯᠠᠬᠤ ᠪᠠᠶᠢᠭᠤᠯᠤᠮᠵᠢ ᠪᠤᠶᠤ ᠲᠠᠪᠴᠠᠩ ᠤᠨ ᠠᠯᠪᠠᠨ ᠲᠠᠮᠠᠭ᠎ᠠ ᠪᠤᠶᠤ ᠡᠯᠧᠺᠳ᠋ᠷᠣᠨ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠬᠡᠷᠡᠭᠲᠡᠶ᠃    ᠲᠠᠪᠤ᠂ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠬᠢᠵᠠᠭᠠᠷᠯᠠᠯ    1. ᠪᠠᠶᠢᠴᠠᠭᠠᠨ ᠯᠠᠪᠯᠠᠬᠤ ᠭᠤᠤᠯ ᠴᠣᠭᠴᠠ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠰ ᠲᠦᠷᠢᠮ ᠤᠨ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠂ ᠪᠠᠶᠢᠴᠠᠭᠠᠨ ᠯᠠᠪᠯᠠᠵᠤ ᠣᠯᠤᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠠᠰᠢᠭᠯᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠬᠢᠵᠦ ᠪᠣᠯᠬᠤ ᠥᠬᠡᠶ᠃    2. ᠪᠠᠶᠢᠴᠠᠭᠠᠨ ᠯᠠᠪᠯᠠᠬᠤ ᠦᠷ᠎ᠡ ᠳ᠋ᠦᠩ ᠢ ᠵᠥᠪᠬᠡᠨ ᠪᠠᠶᠢᠴᠠᠭᠠᠨ ᠯᠠᠪᠯᠠᠬᠤ ᠭᠤᠤᠯ ᠴᠣᠭᠴᠠ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠡᠷᠡᠭᠯᠡᠬᠦ ᠪᠠᠷ ᠬᠢᠵᠠᠭᠠᠷᠯᠠᠨ᠎ᠠ᠂ ᠳᠤᠷ᠎ᠠ ᠪᠠᠷ ᠢᠶᠠᠨ ᠭᠤᠷᠪᠠᠳᠠᠬᠢ ᠡᠲᠡᠭᠡᠳ ᠲᠤ ᠵᠠᠳᠠᠷᠠᠭᠤᠯᠬᠤ ᠪᠤᠶᠤ ᠪᠤᠰᠤᠳ ᠬᠡᠷᠡᠭᠴᠡᠭᠡ ᠳᠤ ᠬᠡᠷᠡᠭᠯᠡᠵᠦ ᠪᠣᠯᠬᠤ ᠥᠬᠡᠶ᠃    3. ᠬᠤᠪᠢ ᠬᠥᠮᠦᠨ ᠤ ᠨᠢᠭᠤᠴᠠ ᠪᠠ ᠬᠤᠳᠠᠯᠳᠤᠭᠠᠨ ᠤ ᠨᠢᠭᠤᠴᠠ ᠳᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠭᠤᠤᠯ ᠴᠣᠭᠴᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠂ ᠵᠠᠳᠠᠷᠠᠭᠤᠯᠬᠤ ᠪᠤᠶᠤ ᠳᠤᠷ᠎ᠠ ᠪᠠᠷ ᠢᠶᠠᠨ ᠬᠡᠷᠡᠭᠯᠡᠵᠦ ᠪᠣᠯᠬᠤ ᠥᠬᠡᠶ᠃    ᠵᠢᠷᠭᠤᠭ᠎ᠠ᠂ ᠬᠢᠨᠠᠯᠲᠠ ᠬᠠᠮᠢᠶᠠᠷᠤᠯᠲᠠ    1. ᠪᠠᠶ ᠮᠢᠶᠣᠣ ᠽᠢ ᠪᠠᠯᠭᠠᠰᠤ ᠨᠢ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠨ ᠯᠠᠪᠯᠠᠬᠤ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠪᠠ ᠵᠢᠷᠤᠮᠵᠢᠯᠳᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃    2. ᠲᠣᠰ ᠲᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶ ᠮᠢᠶᠣᠣ ᠽᠢ ᠪᠠᠯᠭᠠᠰᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃    ᠳᠣᠯᠤᠭ᠎ᠠ᠂ ᠳᠠᠭᠠᠯᠳᠤᠭᠤᠯᠤᠭᠰᠠᠨ ᠳᠦᠷᠢᠮ    1. ᠲᠣᠰ ᠳᠦᠷᠢᠮ ᠢ ᠪᠠᠢ ᠮᠢᠶᠤᠤ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠬᠤ ᠪᠠ ᠵᠠᠰᠠᠪᠤᠷᠢ ᠣᠷᠣᠭᠤᠯᠤᠨ᠎ᠠ᠃    2. ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠪᠠᠢ ᠮᠢᠶᠤᠤ ᠽᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ    2024 ᠣᠨ ᠤ 5 ᠰᠠᠷ᠎ᠠ ᠶᠢᠨ 15 ᠤ ᠡᠳᠦᠷᠨᠠᠷᠢᠨ ᠠᠭᠤᠯᠭ᠎ᠠ ᠶᠢ ᠠᠳᠡ ᠠᠴᠠ ᠦᠵᠡᠭᠡᠷᠡᠢ
 
ᠢᠷᠡᠯᠲᠡ᠄ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号