ᠪᠠᠶ ᠮᠢᠶᠣᠣ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠦᠷᠢᠮ
ᠨᠡᠶᠢᠲᠡᠯᠡᠭᠰᠡᠨ ᠴᠠᠭ᠄
2024/6/10
    ᠪᠠᠶ ᠮᠢᠶᠣᠣ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠲᠣᠰ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠦᠷᠢᠮ ᠢ ᠣᠨᠴᠠᠭᠠᠶᠢᠯᠠᠨ ᠲᠣᠭᠲᠠᠭᠠᠪᠠ᠃    ᠨᠢᠭᠡ᠂ ᠶᠡᠷᠦᠩᠬᠡᠢ ᠲᠦᠷᠢᠮ    ᠲᠣᠰ ᠲᠦᠷᠢᠮ ᠨᠢ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠪᠠᠶ ᠮᠢᠶᠣᠣ ᠽᠢ ᠪᠠᠯᠭᠠᠰᠤᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠣᠨᠣᠪᠴᠢᠲᠠᠶ᠂ ᠢᠯᠭᠠᠭ᠎ᠠ ᠲᠠᠢ᠂ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢᠨ ᠲᠥᠯᠥᠭᠡ ᠶᠤᠮ᠃    ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠳᠤ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠯᠭᠠᠬᠤ ᠵᠠᠷᠴᠢᠮ ᠢ ᠵᠢᠷᠤᠮᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃    ᠬᠤᠶᠠᠷ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ    ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠡᠮᠬᠢᠯᠡᠵᠦ᠂ ᠬᠠᠳᠠᠭᠠᠯᠠᠬᠤ ᠬᠡᠷᠡᠭᠲᠡᠢ᠃    ᠢᠲᠡᠭᠡᠮᠵᠢ ᠶᠢᠨ ᠮᠡᠳᠡᠭᠡ ᠵᠠᠩᠭᠢ ᠳᠤ ᠪᠠᠭᠲᠠᠬᠤ ᠪᠣᠯᠪᠠᠴᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠡᠵᠡᠩᠨᠡᠯᠲᠡ ᠶᠢᠨ ᠮᠡᠳᠡᠭᠡ ᠵᠠᠩᠭᠢ᠂ ᠭᠡᠷ᠎ᠡ ᠶᠢ ᠭᠦᠢᠴᠡᠳᠬᠡᠭᠰᠡᠨ ᠮᠡᠳᠡᠭᠡ ᠵᠠᠩᠭᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠵᠡᠷᠭᠡ ᠶᠢ ᠪᠠᠭᠲᠠᠭᠠᠵᠤ ᠪᠣᠯᠬᠤ ᠦᠭᠡᠢ᠃    ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠪᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠨ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠬᠠᠮᠲᠤᠪᠠᠷ ᠡᠳᠯᠡᠵᠦ ᠬᠠᠮᠲᠤᠪᠠᠷ ᠬᠡᠷᠡᠭᠯᠡᠬᠦ ᠶᠢ ᠪᠡᠶᠡᠯᠡᠭᠦᠯᠦᠨ᠎ᠡ᠃    ᠭᠤᠷᠪᠠ᠂ ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ    ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠦᠨᠳᠦᠰᠦᠯᠡᠨ᠂ ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃    ᠢᠲᠡᠭᠡᠮᠵᠢ ᠶᠢᠨ ᠳᠡᠰ ᠢA᠂ B᠂ C᠂ D ᠳᠥᠷᠪᠡᠨ ᠳᠡᠰ ᠬᠤᠪᠢᠶᠠᠨ᠎ᠠ᠂ ᠡᠭᠦᠨ ᠳᠤ A ᠳᠡᠰ ᠨᠢ ᠢᠲᠡᠭᠡᠮᠵᠢ ᠰᠢᠯᠢᠳᠡᠭ᠂ B ᠳᠡᠰ ᠨᠢ ᠢᠲᠡᠭᠡᠮᠵᠢ ᠰᠠᠢᠨ᠂ C ᠳᠡᠰ ᠢᠲᠡᠭᠡᠮᠵᠢ ᠵᠦᠭᠡᠷ᠂ D ᠳᠡᠰ ᠨᠢ ᠢᠲᠡᠭᠡᠮᠵᠢ ᠠᠨᠠᠢ ᠪᠤᠯᠤᠨ᠎ᠠ᠃    ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠬᠡᠪᠴᠢᠶ᠎ᠡ᠂ ᠭᠡᠷ᠎ᠡ ᠶᠢ ᠭᠦᠢᠴᠡᠳᠬᠡᠬᠦ ᠴᠢᠳᠠᠪᠤᠷᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠶ᠃  ᠳᠥᠷᠪᠡ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ    ᠠᠳᠠᠯᠢ ᠪᠤᠰᠤ ᠢᠲᠡᠭᠡᠮᠵᠢ ᠶᠢᠨ ᠵᠡᠷᠭᠡ ᠳᠡᠰ ᠲᠠᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃    A ᠲᠡᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ᠄ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠬᠦ᠂ ᠬᠢᠨᠠᠨ ᠬᠠᠮᠢᠶᠠᠷᠬᠤ ᠳᠠᠪᠲᠠᠮᠵᠢ ᠶᠢ ᠪᠠᠭᠤᠷᠠᠭᠤᠯᠬᠤ ᠵᠡᠷᠭᠡ᠃    B ᠲᠠᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ᠄ ᠬᠡᠪ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    C ᠲᠠᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ᠄ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠦᠨ᠂ ᠲᠡᠳᠡᠨ ᠢ ᠰᠢᠮᠳᠠᠭᠤᠯᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠤᠨ᠎ᠠ᠃    D ᠲᠠᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ᠄ ᠭᠤᠤᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠵᠢᠭᠰᠠᠭᠠᠨ ᠣᠷᠣᠭᠤᠯᠵᠤ᠂ ᠨᠡᠩ ᠴᠢᠩᠭ᠎ᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠵᠢᠱᠢᠶᠡᠯᠡᠪᠡᠯ ᠵᠠᠰᠠᠭ ᠤᠨ ᠣᠷᠳᠣᠨ ᠤ ᠲᠥᠷᠥᠯ ᠵᠦᠢᠯ ᠳᠤ ᠣᠷᠣᠯᠴᠠᠬᠤ ᠶᠢ ᠬᠢᠵᠠᠭᠠᠷᠯᠠᠬᠤ᠂ ᠰᠢᠳᠬᠡᠨ ᠲᠣᠷᠭᠠᠬᠤ ᠡᠷᠴᠢᠮ ᠢ ᠨᠡᠮᠡᠭᠳᠡᠭᠦᠯᠬᠦ ᠵᠡᠷᠭᠡ ᠪᠣᠯᠤᠨ᠎ᠠ᠃    ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠲᠠᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠬᠢᠭᠦᠯᠦᠨ ᠱᠠᠩᠨᠠᠵᠤ᠂ ᠢᠲᠡᠭᠡᠮᠵᠢ ᠠᠯᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠦᠨ᠎ᠡ᠃    ᠲᠠᠪᠤ᠂ ᠢᠲᠡᠭᠡᠮᠵᠢ ᠶᠢ ᠰᠡᠷᠭᠦᠭᠡᠬᠦ    ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢ ᠢᠳᠡᠪᠬᠢᠲᠡᠶ ᠰᠡᠷᠭᠦᠭᠡᠬᠦ ᠶᠢ ᠵᠣᠷᠢᠭᠵᠢᠭᠤᠯᠵᠤ᠂ ᠨᠢᠭᠡᠨᠲᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠨ ᠵᠠᠯᠠᠷᠠᠭᠤᠯᠤᠭᠰᠠᠨ ᠪᠥᠭᠡᠳ ᠮᠠᠭᠤ ᠨᠥᠯᠥᠭᠡ ᠶᠢ ᠠᠷᠢᠯᠭᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠣᠭᠲᠠᠭᠰᠠᠨ ᠲᠠᠰ ᠳᠠᠷᠠᠭᠠᠯᠠᠯ ᠶᠣᠰᠣᠭᠠᠷ ᠢᠲᠡᠭᠡᠮᠵᠢ ᠶᠢ ᠰᠡᠷᠭᠦᠭᠡᠬᠦ ᠪᠠᠷ ᠭᠤᠶᠤᠴᠢᠯᠠᠵᠤ ᠪᠣᠯᠤᠨ᠎ᠠ᠃    ᠢᠲᠡᠭᠡᠮᠵᠢ ᠶᠢ ᠰᠡᠷᠭᠦᠭᠡᠬᠦ ᠭᠤᠶᠤᠴᠢᠯᠠᠯ ᠳᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢ ᠲᠤᠰᠢᠶᠠᠵᠤ᠂ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠢᠲᠡᠭᠡᠮᠵᠢ ᠶᠢᠨ ᠵᠡᠷᠭᠡ ᠳᠡᠰ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠬᠢᠷᠠᠭᠤᠯᠵᠤ ᠪᠣᠯᠤᠨ᠎ᠠ᠃    ᠵᠢᠷᠭᠤᠭ᠎ᠠ᠂ ᠳᠠᠭᠠᠯᠳᠤᠭᠤᠯᠤᠯ ᠳᠦᠷᠢᠮ   ᠲᠣᠰ ᠲᠦᠷᠢᠮ ᠢ ᠪᠠᠶ ᠮᠢᠶᠣᠣ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠬᠤ ᠪᠠ ᠵᠠᠰᠠᠪᠤᠷᠢ ᠣᠷᠣᠭᠤᠯᠪᠠ᠃    ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃    ᠪᠠᠢ ᠮᠢᠶᠤᠤ ᠽᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ    2024 ᠣᠨ ᠤ 5 ᠰᠠᠷ᠎ᠠ ᠶᠢᠨ 15 ᠤ ᠡᠳᠦᠷᠨᠠᠷᠢᠨ ᠠᠭᠤᠯᠭ᠎ᠠ ᠶᠢ ᠠᠳᠡ ᠠᠴᠠ ᠦᠵᠡᠭᠡᠷᠡᠢ
 
ᠢᠷᠡᠯᠲᠡ᠄ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号