2024 ᠣᠨ ᠳᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠪᠠᠢ ᠮᠢᠶᠣᠣ ᠽᠢ ᠪᠠᠯᠭᠠᠰᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ︽ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠲᠦᠷᠦᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠢ ᠢᠯᠡᠴᠢᠯᠡᠬᠦ
ᠨᠡᠶᠢᠲᠡᠯᠡᠭᠰᠡᠨ ᠴᠠᠭ᠄
2024/6/12
        ︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠪᠠᠯᠠ ᠣᠷᠣᠭᠤᠯᠤᠯᠲᠠ ︵2012 ᠣᠨ︶  ᠤᠨ 2492 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠶᠤᠴᠢᠯᠠᠨ ᠮᠡᠳᠡᠭᠦᠯᠦᠭᠰᠡᠨ ︽2024 ᠣᠨ ᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠪᠠᠶ ᠮᠢᠶᠣᠣ ᠽᠢ ᠪᠠᠯᠭᠠᠰᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠲᠥᠷᠥᠯ ᠵᠦᠢᠯ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠥᠪᠥᠷ ᠮᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠢᠯᠡ ᠨᠡᠶᠢᠲᠡᠯᠡᠪᠡ᠃                ᠨᠢᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠶᠢᠳᠦᠯ        2024 ᠣᠨ ᠳᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠪᠠᠢ ᠮᠢᠶᠣᠣ ᠽᠢ ᠪᠠᠯᠭᠠᠰᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ︽ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ︾ ᠢᠨᠵᠧᠨᠧᠷᠢᠩ         ᠬᠤᠶᠠᠷ᠂ ᠪᠦᠲᠦᠭᠡᠨ ᠪᠠᠶᠢᠭᠤᠯᠤᠯᠲᠠ ᠶᠢᠨ ᠨᠢᠭᠡᠴᠢ          ᠨᠢᠭᠡᠴᠡ ᠶᠢᠨ ᠨᠡᠷᠡᠶᠢᠳᠦᠯ᠄ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ         ᠬᠠᠷᠢᠯᠴᠠᠬᠤ ᠬᠥᠮᠦᠨ᠄ ᠸᠠᠩ ᠶᠠᠨ    ᠬᠠᠷᠢᠯᠴᠠᠬᠤ ᠤᠲᠠᠰᠤ᠄ 16647133082            ᠭᠤᠷᠪᠠ᠂ ᠦᠨᠡᠯᠡᠨ ᠵᠢᠱᠢᠬᠦ ᠨᠢᠭᠡᠴᠢ           ᠪᠠᠶᠢᠭᠤᠯᠭ᠎ᠠ ᠶᠢᠨ ᠨᠡᠷᠡᠶᠢᠳᠦᠯ᠄ ᠥᠪᠥᠷ ᠮᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ             ᠨᠢᠭᠡᠴᠡ ᠶᠢᠨ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 85 ᠨᠣᠮᠧᠷ ᠤᠨ ᠲᠠᠢ ᠸᠧᠶ ᠹᠠᠩ ᠾᠧᠩ ᠠᠭᠤᠳᠠᠮ ᠲᠠᠯᠠᠪᠠᠶ ᠶᠢᠨ C ᠰᠠᠭᠤᠳᠠᠯ 7 ᠳᠠᠪᠬᠤᠷ                    ᠬᠠᠷᠢᠯᠴᠠᠬᠤ ᠤᠲᠠᠰᠤ᠄ 0471 - 4927485            ᠢᠮᠧᠯ᠄ 963546078@qq. com            ᠳᠥᠷᠪᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠦᠢᠮᠣ ᠪᠠᠶᠢᠳᠠᠯ         1.ᠲᠣᠰ ᠲᠥᠷᠥᠯ ᠵᠦᠢᠯ ᠳᠤ ᠲᠦᠮᠡᠳ ᠵᠡᠭᠦᠨ ᠬᠤᠰᠢᠭᠤᠨ ᠤ ᠪᠠᠶ ᠮᠢᠶᠣᠣ ᠽᠢ ᠪᠠᠯᠭᠠᠰᠤᠨ ᠤ 31 ᠲᠣᠰᠬᠤᠨ ᠤ ᠨᠡᠶᠢᠲᠡ 3495 ᠡᠷᠦᠬᠡ ᠰᠠᠭᠤᠭᠠᠯᠢ ᠠᠷᠠᠳ ᠥᠭᠡᠷᠡᠴᠢᠯᠡᠵᠦ᠂ ᠰᠢᠲᠠᠮᠠᠬᠠᠶ ᠬᠡᠶ ᠶᠢᠨ ᠬᠠᠨ᠎ᠠ ᠶᠢᠨ ᠡᠯᠭᠦᠭᠡ ᠵᠤᠤᠬ᠎ᠠ ᠶᠢ 3495 ᠤᠭᠰᠠᠷᠠᠪᠠ᠃ ᠰᠢᠲᠠᠮᠠᠬᠠᠶ ᠬᠡᠶ ᠶᠢᠨ ᠬᠡᠮᠵᠢᠯᠲᠡ ᠶᠢᠨ ᠪᠠᠭᠠᠵᠢ 3495 ᠤᠭᠰᠠᠷᠠᠪᠠ᠃ ᠬᠠᠨ᠎ᠠ ᠶᠢᠨ ᠡᠯᠭᠦᠭᠡ ᠬᠡᠯᠪᠡᠷᠢ ᠶᠢᠨ ᠳᠤᠮᠳᠠ ᠳᠣᠤᠷ᠎ᠠ ᠬᠦᠴᠦᠳᠡᠯᠲᠦ ᠬᠦᠴᠦᠳᠡᠯ ᠲᠣᠬᠢᠷᠠᠭᠤᠯᠬᠤ ᠬᠠᠶᠢᠷᠴᠠᠭ ᠨᠡᠶᠢᠲᠡ 82 ᠪᠠᠶᠢᠵᠤ᠂ ᠳᠤᠮᠳᠠ ᠳᠠᠷᠤᠯᠲᠠᠲᠤ ᠭᠠᠵᠠᠷ ᠤᠨ ᠬᠤᠭᠤᠯᠠᠶ ᠶᠢ ᠪᠠᠷᠤᠭ 10.38 ᠺᠢᠯᠣᠮᠧᠲᠷ ᠰᠢᠨ᠎ᠡ ᠪᠠᠷ ᠪᠠᠶᠢᠭᠤᠯᠵᠤ᠂ 3495 ᠡᠷᠦᠬᠡ ᠶᠢᠨ ᠬᠡᠷ ᠳᠣᠲᠣᠷᠠᠬᠢ ᠰᠢᠲᠠᠮᠠᠬᠠᠶ ᠬᠡᠶ ᠳᠠᠮᠵᠢᠭᠤᠯᠬᠤ ᠰᠢᠰᠲ᠋ᠧᠮ ᠤᠨ ᠲᠥᠬᠦᠭᠡᠷᠦᠮᠵᠢ ᠵᠢᠴᠢ ᠢᠯᠴᠢ ᠲᠠᠷᠬᠠᠭᠠᠬᠤ ᠰᠢᠰᠲ᠋ᠧᠮ ᠤᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠪᠠ᠃        ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ᠄ 2024 ᠣᠨ ᠤ 1 ᠰᠠᠷ᠎ᠠ ᠠᠴᠠ 2024 ᠣᠨ ᠤ 10 ᠰᠠᠷ᠎ᠠ       ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠨᠢ 6912.06 ᠲᠦᠮᠡᠨ ᠲᠥᠭᠦᠷᠢᠭ ᠪᠣᠯᠤᠨ᠎ᠠ᠃        ᠲᠠᠪᠤ᠂ ᠠᠰᠠᠭᠤᠨ ᠯᠠᠪᠯᠠᠬᠤ ᠵᠦᠢᠯᠡᠰ            ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄ ᠲᠠ ᠲᠤᠰ ᠵᠦᠢᠯᠡᠰ ᠢ ᠬᠡᠷᠡᠭᠵᠢᠭᠦᠯᠬᠦ ᠳᠤ ᠶᠠᠮᠠᠷ ᠰᠠᠨᠠᠭᠤᠯᠭ᠎ᠠ ᠪᠠ ᠰᠠᠨᠠᠯ ᠪᠠᠶᠢᠬᠤ ᠪᠣᠢ᠃        ᠵᠢᠷᠭᠤᠭ᠎ᠠ᠂ ᠢᠯᠡ ᠨᠡᠶᠢᠲᠡᠯᠡᠭᠰᠡᠨ ᠲᠣᠳᠣᠷᠬᠠᠶᠢᠯᠠᠯᠲᠠ            1. ᠲᠣᠰ ᠤᠳᠠᠭᠠᠨ ᠤ ᠣᠯᠠᠨ ᠨᠡᠶᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠲᠷᠣᠨ ᠰᠢᠤᠳᠠᠨ ᠤ ᠵᠦᠢᠯ ᠵᠡᠷᠭᠡ ᠪᠢᠴᠢᠭ ᠤᠨ ᠬᠡᠯᠪᠡᠷᠢ ᠪᠠᠷ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠤᠶᠤ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ ᠪᠣᠯᠤᠨ᠎ᠠ᠃         2᠂ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠠᠷᠢᠯᠭ᠎ᠠ ᠪᠠᠷᠢᠭᠤᠯᠤᠭᠰᠠᠨ ᠨᠢᠭᠡᠴᠡ ᠪᠤᠶᠤ ᠨᠠᠶᠢᠳᠠᠯᠭ᠎ᠠ ᠬᠦᠯᠢᠶᠡᠭᠰᠡᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠨᠢ ᠣᠯᠠᠨ ᠨᠡᠶᠢᠲᠡ ᠳᠤ ᠬᠠᠮᠢᠶ᠎ᠠ ᠪᠦᠬᠦᠢ ᠮᠠᠲ᠋ᠧᠷᠢᠶᠠᠯ  ᠢ ᠪᠠᠶᠢᠴᠠᠭᠠᠨ ᠯᠠᠪᠯᠠᠬᠤ᠂ ᠪᠠᠶᠢᠴᠠᠭᠠᠨ ᠦᠵᠡᠬᠦ ᠦᠢᠯᠡᠴᠢᠯᠡᠭᠡᠨ ᠬᠠᠩᠭᠠᠨ᠎ᠠ᠃           3. ᠣᠯᠠᠨ ᠨᠡᠶᠢᠲᠡ ᠪᠠᠷ ᠢᠶᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠯ᠎ᠠ ᠶᠢᠨ ᠰᠠᠨᠠᠭᠤᠯᠭ᠎ᠠ ᠪᠤᠶᠤ ᠰᠠᠨᠠᠯ ᠪᠠᠶᠢᠪᠠᠯ᠂ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠨᠢᠭᠡᠴᠢ ᠳᠤ ᠳᠤᠷᠠᠳᠴᠤ ᠪᠣᠯᠤᠨ᠎ᠠ᠃             ᠵᠠᠷᠯᠠᠨ ᠨᠡᠶᠢᠲᠡᠯᠡᠬᠦ ᠨᠢᠭᠡᠴᠡ᠄ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ                ᠥᠪᠥᠷ ᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ        ᠵᠠᠷᠯᠠᠨ ᠨᠡᠶᠢᠲᠡᠯᠡᠭᠰᠡᠨ ᠴᠠᠭ᠄ 2024ᠣᠨ ᠤ 6 ᠰᠠᠷ᠎ᠠ ᠶᠢᠨ12 ᠤ ᠡᠳᠦᠷ 
 
ᠢᠷᠡᠯᠲᠡ᠄ ᠥᠪᠥᠷ ᠮᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号