2024 ᠣᠨ ᠳᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤ᠂ ᠪᠢᠴᠢᠭᠡᠴᠢ ᠪᠠᠯᠭᠠᠰᠤ᠂ ᠲᠠᠶᠢᠭ᠎ᠠ ᠮᠣᠳᠤ ᠪᠠᠯᠭᠠᠰᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠣᠯᠠ ᠰᠢᠲᠠᠭᠠᠵᠤ ︽ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠢ ᠵᠠᠷᠯᠠᠨ  ᠨᠡᠢᠲᠡᠯᠡᠬᠦ
ᠨᠡᠶᠢᠲᠡᠯᠡᠭᠰᠡᠨ ᠴᠠᠭ᠄
2024/6/12
      ︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠶᠤᠴᠢᠯᠠᠨ ᠮᠡᠳᠡᠭᠦᠯᠦᠭᠰᠡᠨ ︽2024 ᠣᠨ ᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤ᠂ ᠪᠢᠴᠢᠭᠡᠴᠢ ᠪᠠᠯᠭᠠᠰᠤ᠂ ᠲᠠᠶᠢᠭ᠎ᠠ ᠮᠣᠳᠤ ᠪᠠᠯᠭᠠᠰᠤ ᠶᠢᠨ ᠲᠦᠯᠡᠰᠢᠨ ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠥᠪᠥᠷ ᠮᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠢᠯᠡ ᠨᠡᠶᠢᠲᠡᠯᠡᠪᠡ᠃            ᠨᠢᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠶᠢᠳᠦᠯ       2024 ᠣᠨ ᠳᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤ᠂ ᠪᠢᠴᠢᠭᠡᠴᠢ ᠪᠠᠯᠭᠠᠰᠤ᠂ ᠲᠠᠶᠢᠭ᠎ᠠ ᠮᠣᠳᠤ ᠪᠠᠯᠭᠠᠰᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ︽ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠶᠡᠷᠦᠩᠬᠡᠶᠢᠯᠡᠨ ᠴᠡᠭᠴᠡᠯᠡᠨ ᠵᠠᠰᠠᠪᠠ᠃             ᠬᠤᠶᠠᠷ᠂ ᠪᠦᠲᠦᠭᠡᠨ ᠪᠠᠶᠢᠭᠤᠯᠤᠯᠲᠠ ᠶᠢᠨ ᠨᠢᠭᠡᠴᠢ      ᠨᠢᠭᠡᠴᠡ ᠶᠢᠨ ᠨᠡᠷᠡᠶᠢᠳᠦᠯ᠄ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ         ᠬᠠᠷᠢᠯᠴᠠᠬᠤ ᠬᠥᠮᠦᠨ᠄ ᠸᠠᠩ ᠶᠠᠨ     ᠬᠠᠷᠢᠯᠴᠠᠬᠤ ᠤᠲᠠᠰᠤ᠄ 16647133082        ᠭᠤᠷᠪᠠ᠂ ᠦᠨᠡᠯᠡᠨ ᠵᠢᠱᠢᠬᠦ ᠨᠢᠭᠡᠴᠢ        ᠪᠠᠶᠢᠭᠤᠯᠭ᠎ᠠ ᠶᠢᠨ ᠨᠡᠷᠡᠶᠢᠳᠦᠯ᠄ ᠥᠪᠥᠷ ᠮᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ         ᠨᠢᠭᠡᠴᠡ ᠶᠢᠨ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 85 ᠨᠣᠮᠧᠷ ᠤᠨ ᠲᠠᠢ ᠸᠧᠶ ᠹᠠᠩ ᠾᠧᠩ ᠠᠭᠤᠳᠠᠮ ᠲᠠᠯᠠᠪᠠᠶ ᠶᠢᠨ C ᠰᠠᠭᠤᠳᠠᠯ 7 ᠳᠠᠪᠬᠤᠷ            ᠬᠠᠷᠢᠯᠴᠠᠬᠤ ᠤᠲᠠᠰᠤ᠄ 0471 - 4927485                ᠢᠮᠧᠯ᠄ 963546078@qq. com            ᠳᠥᠷᠪᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠦᠢᠮᠣ ᠪᠠᠶᠢᠳᠠᠯ    ᠲᠣᠰ ᠲᠥᠷᠥᠯ ᠵᠦᠢᠯ ᠳᠤ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ 3 ᠰᠢᠶᠠᠩ ᠪᠠᠯᠭᠠᠰᠤ ᠶᠢᠨ ᠨᠡᠶᠢᠲᠡ 20 ᠲᠣᠰᠬᠤᠨ ᠵᠢᠴᠢ ᠨᠡᠶᠢᠭᠡᠮ ᠲᠣᠭᠤᠷᠢᠭ ᠲᠤ ᠥᠭᠡᠷᠡᠴᠢᠯᠡᠯᠲᠡ ᠬᠢᠵᠦ᠂ ᠰᠠᠭᠤᠭᠠᠯᠢ ᠠᠷᠠᠳ ᠤᠨ ᠡᠷᠦᠬᠡ ᠶᠢᠨ ᠳᠣᠲᠣᠷᠠᠬᠢ ᠤᠤᠯ ᠤᠨ ᠰᠤᠯᠠ ᠰᠢᠲᠠᠭᠠᠬᠤ ᠵᠢᠵᠢᠭ ᠨᠡᠭᠦᠷᠡᠰᠦᠨ ᠵᠤᠤᠬ᠎ᠠ ᠶᠢ ᠨᠤᠷᠠᠭᠠᠵᠤ᠂ ᠰᠢᠲᠠᠮᠠᠬᠠᠶ ᠬᠡᠶ ᠶᠢᠨ ᠬᠠᠨ᠎ᠠ ᠶᠢᠨ ᠡᠯᠭᠦᠭᠡ ᠵᠤᠤᠬ᠎ᠠ ᠶᠢ ᠲᠣᠬᠢᠷᠠᠭᠤᠯᠤᠨ ᠳᠤᠯᠠᠭᠠᠯᠠᠵᠤ᠂ ᠰᠠᠭᠤᠭᠠᠯᠢ ᠠᠷᠠᠳ ᠤᠨ ᠡᠷᠦᠬᠡ ᠶᠢᠨ ᠳᠣᠲᠣᠷᠠᠬᠢ ᠢᠯᠴᠢ ᠲᠠᠷᠬᠠᠭᠠᠬᠤ ᠰᠢᠰᠲ᠋ᠧᠮ ᠢ ᠥᠭᠡᠷᠡᠴᠢᠯᠡᠬᠦ ᠶᠢᠨ ᠬᠠᠮᠲᠤ ᠢᠵᠢ ᠪᠥᠷᠢᠳᠦᠭᠰᠡᠨ ᠰᠢᠲᠠᠮᠠᠬᠠᠶ ᠬᠡᠶ ᠳᠠᠮᠵᠢᠭᠤᠯᠬᠤ ᠰᠢᠰᠲ᠋ᠧᠮ ᠤᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ ᠪᠠᠶᠢᠭᠠᠳ ᠰᠠᠭᠤᠭᠠᠯᠢ ᠠᠷᠠᠳ ᠤᠨ ᠭᠠᠯ ᠲᠣᠭᠤᠭᠠᠨ ᠤ ᠠᠵᠢᠯ ᠪᠠ ᠬᠠᠨ᠎ᠠ ᠶᠢᠨ ᠡᠯᠭᠦᠮᠡᠯ ᠵᠤᠤᠬ᠎ᠠ ᠪᠠᠷ ᠳᠤᠯᠠᠭᠠᠯᠠᠵᠤ ᠬᠡᠶ ᠬᠠᠩᠭᠠᠪᠠ᠃ 545 ᠡᠷᠦᠬᠡ ᠰᠠᠭᠤᠭᠠᠯᠢ ᠠᠷᠠᠳ ᠤᠨ ᠡᠷᠦᠬᠡ ᠶᠢ ᠥᠭᠡᠷᠡᠴᠢᠯᠡᠨ ᠰᠢᠨᠡᠳᠬᠡᠵᠦ᠂ ᠨᠡᠶᠢᠲᠡ 4.19 ᠲᠦᠮᠡᠨ ᠲᠡᠭᠰᠢ ᠳᠥᠷᠪᠡᠯᠵᠢᠨ ᠮᠧᠲᠷ ᠢᠯᠴᠢ ᠬᠠᠩᠭᠠᠪᠠ᠃      ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ᠄ 2024 ᠣᠨ ᠤ 1 ᠰᠠᠷ᠎ᠠ ᠠᠴᠠ 2024 ᠣᠨ ᠤ 10 ᠰᠠᠷ᠎ᠠ       ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠨᠢ 1077.85 ᠲᠦᠮᠡᠨ ᠲᠥᠭᠦᠷᠢᠭ᠃         ᠲᠠᠪᠤ᠂ ᠠᠰᠠᠭᠤᠨ ᠯᠠᠪᠯᠠᠬᠤ ᠵᠦᠢᠯᠡᠰ    ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄ ᠲᠠ ᠲᠤᠰ ᠵᠦᠢᠯᠡᠰ ᠢ ᠬᠡᠷᠡᠭᠵᠢᠭᠦᠯᠬᠦ ᠳᠤ ᠶᠠᠮᠠᠷ ᠰᠠᠨᠠᠭᠤᠯᠭ᠎ᠠ ᠪᠠ ᠰᠠᠨᠠᠯ ᠪᠠᠶᠢᠬᠤ ᠪᠣᠢ᠃            ᠵᠢᠷᠭᠤᠭ᠎ᠠ᠂ ᠢᠯᠡ ᠨᠡᠶᠢᠲᠡᠯᠡᠭᠰᠡᠨ ᠲᠣᠳᠣᠷᠬᠠᠶᠢᠯᠠᠯᠲᠠ            1. ᠲᠣᠰ ᠤᠳᠠᠭᠠᠨ ᠤ ᠣᠯᠠᠨ ᠨᠡᠶᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠲᠷᠣᠨ ᠰᠢᠤᠳᠠᠨ ᠤ ᠵᠦᠢᠯ ᠵᠡᠷᠭᠡ ᠪᠢᠴᠢᠭ ᠤᠨ ᠬᠡᠯᠪᠡᠷᠢ ᠪᠠᠷ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠤᠶᠤ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ ᠪᠣᠯᠤᠨ᠎ᠠ᠃             2᠂ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠠᠷᠢᠯᠭ᠎ᠠ ᠪᠠᠷᠢᠭᠤᠯᠤᠭᠰᠠᠨ ᠨᠢᠭᠡᠴᠡ ᠪᠤᠶᠤ ᠨᠠᠶᠢᠳᠠᠯᠭ᠎ᠠ ᠬᠦᠯᠢᠶᠡᠭᠰᠡᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠨᠢ ᠣᠯᠠᠨ ᠨᠡᠶᠢᠲᠡ ᠳᠤ ᠬᠠᠮᠢᠶ᠎ᠠ ᠪᠦᠬᠦᠢ ᠮᠠᠲ᠋ᠧᠷᠢᠶᠠᠯ  ᠢ ᠪᠠᠶᠢᠴᠠᠭᠠᠨ ᠯᠠᠪᠯᠠᠬᠤ᠂ ᠪᠠᠶᠢᠴᠠᠭᠠᠨ ᠦᠵᠡᠬᠦ ᠦᠢᠯᠡᠴᠢᠯᠡᠭᠡᠨ ᠬᠠᠩᠭᠠᠨ᠎ᠠ᠃            3. ᠣᠯᠠᠨ ᠨᠡᠶᠢᠲᠡ ᠪᠠᠷ ᠢᠶᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠯ᠎ᠠ ᠶᠢᠨ ᠰᠠᠨᠠᠭᠤᠯᠭ᠎ᠠ ᠪᠤᠶᠤ ᠰᠠᠨᠠᠯ ᠪᠠᠶᠢᠪᠠᠯ᠂ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠨᠢᠭᠡᠴᠢ ᠳᠤ ᠳᠤᠷᠠᠳᠴᠤ ᠪᠣᠯᠤᠨ᠎ᠠ᠃            ᠨᠡᠶᠢᠲᠡᠯᠡᠭᠰᠡᠨ ᠨᠢᠭᠡᠴᠡ᠄ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ            ᠥᠪᠥᠷ ᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ                ᠵᠠᠷᠯᠠᠨ ᠨᠡᠶᠢᠲᠡᠯᠡᠭᠰᠡᠨ ᠴᠠᠭ᠄2024ᠣᠨ ᠤ 6 ᠰᠠᠷ᠎ᠠ ᠶᠢᠨ 12 ᠤ ᠡᠳᠦᠷ 
 
ᠢᠷᠡᠯᠲᠡ᠄ ᠥᠪᠥᠷ ᠮᠣᠩᠭᠤᠯ ᠤᠨ ᠠᠨ ᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号