ᠲᠠᠶᠢᠭ᠎ᠠ ᠮᠤᠳᠤ ᠪᠠᠯᠭᠠᠰᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢ ᠭᠡᠷ ᠪᠦᠯᠢ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/13
   ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 12 ᠤᠨ ᠡᠳᠦᠷ᠂ ᠲᠠᠶᠢᠭ᠎ᠠ ᠮᠣᠳᠤ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠵᠢᠴᠢ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠳᠤ ᠬᠦᠷᠴᠦ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢ ᠭᠡᠷ ᠪᠦᠯᠢ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠤᠬᠠᠭᠤᠯᠭ᠎ᠠ ᠶᠢᠨ ᠠᠵᠢᠯᠲᠠᠳ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠬᠡᠷ ᠤᠨ ᠴᠠᠬᠢᠯᠭᠠᠨ ᠬᠡᠷᠡᠭᠯᠡᠯᠲᠡ᠂ ᠭᠠᠯ ᠤᠨᠲᠠᠷᠠᠭᠠᠬᠤ ᠠᠮᠤᠷ ᠲᠦᠪᠰᠢᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠵᠡᠷᠭᠡ ᠰᠢᠷᠢᠰ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠳᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠠᠷᠭ᠎ᠠ ᠶᠢ ᠣᠶᠢᠯᠠᠭᠠᠭᠤᠯᠪᠠ᠃ ᠰᠠᠭᠤᠭᠠᠯᠢ ᠠᠷᠠᠳ ᠤᠨ ᠲᠣᠭᠤᠷᠢᠭ ᠤᠨ ᠥᠨᠳᠥᠷ ᠨᠠᠰᠤᠲᠠᠶ ᠨᠠᠰᠤᠲᠠᠨ᠂ ᠭᠠᠭᠴᠠᠭᠠᠷ ᠰᠠᠭᠤᠭ᠎ᠠ ᠨᠠᠰᠤᠲᠠᠶᠢᠴᠤᠳ ᠵᠡᠷᠭᠡ ᠣᠨᠴᠠᠭᠠᠶ ᠬᠥᠮᠦᠰ ᠤᠨ ᠬᠡᠷ ᠲᠤ ᠨᠢᠭᠡ ᠳᠤ ᠨᠢᠭᠡ ᠶᠢ ᠰᠣᠯᠢᠯᠴᠠᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠣᠯᠠᠨ ᠳᠤ ᠠᠮᠤᠷ ᠲᠦᠪᠰᠢᠨ ᠤ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠥᠷᠭᠡᠨ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠲᠣᠬᠢᠶᠠᠯᠳᠤᠮᠵᠢ ᠶᠢ ᠳᠣᠷᠣᠭᠰᠢᠯᠠᠭᠤᠯᠤᠨ᠎ᠠ᠃    ᠲᠠᠷᠠᠭᠠᠴᠢ ᠶᠢᠨ ᠠᠯᠬᠤᠮ ᠳᠤ᠂ ᠲᠠᠶᠢᠭ᠎ᠠ ᠮᠣᠳᠤ ᠪᠠᠯᠭᠠᠰᠤ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠪᠣᠶ ᠪᠣᠯᠭᠠᠬᠤ ᠶᠢ ᠤᠯᠠᠮ ᠨᠢᠭᠡ ᠠᠯᠬᠤᠮ ᠴᠢᠷᠮᠠᠶᠢᠨ ᠪᠠᠬᠢᠵᠢᠭᠦᠯᠵᠦ᠂ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠪᠣᠳᠠᠲᠠᠶ ᠠᠳᠬᠤᠵᠤ ᠠᠬᠢᠭᠤᠯᠬᠤ ᠶᠢ ᠠᠬᠢᠭᠤᠯᠵᠤ᠂ ᠨᠡᠶᠢᠭᠡᠮ ᠳᠠᠶᠠᠭᠠᠷ ᠲᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠲᠠᠶᠢᠭ᠎ᠠ ᠮᠣᠳᠤ ᠪᠠᠯᠭᠠᠰᠤ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号