ᠰᠢ ᠶᠢᠨ ᠫᠢᠩ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢᠨ ᠬᠤᠷᠠᠯ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2024/6/13
    6 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢᠨ ᠬᠤᠷᠠᠯ ᠪᠠᠶᠢᠭᠤᠯᠤᠭᠳᠠᠭᠰᠠᠨ 60 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃
C:\Users\bch\Desktop\6.13\6.13  头条图1.png
     6 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢᠨ ᠬᠤᠷᠠᠯ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠰᠢᠤᠸᠠᠢ ᠷᠧᠨ  ᠰᠡᠭᠦᠳᠡᠷᠯᠡᠪᠡ    ᠰᠢ ᠶᠢᠨ ᠫᠢᠩ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢᠨ ᠬᠤᠷᠠᠯ ᠪᠠᠶᠢᠭᠤᠯᠤᠭᠳᠠᠭᠰᠠᠨ 60 ᠵᠢᠯ ᠤᠨ ᠲᠤᠷᠰᠢ᠂ ᠬᠠᠮᠲᠤ ᠪᠠᠷ ᠴᠡᠴᠡᠭᠯᠡᠨ ᠬᠥᠭᠵᠢᠬᠦ ᠵᠣᠷᠢᠯᠲᠠ ᠶᠢ ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠪᠠ ᠬᠥᠭᠵᠢᠭᠰᠡᠨ ᠤᠯᠤᠰ ᠤᠨ ᠶᠠᠷᠢᠯᠴᠠᠭ᠎ᠠ ᠶᠢ ᠰᠠᠨᠠᠭᠠᠴᠢᠯᠠᠵᠤ᠂ ᠤᠯᠠᠨ ᠤᠯᠤᠰ ᠤᠨ ᠠᠵᠤ ᠠᠬᠤᠢ ᠶᠢᠨ ᠰᠢᠨ᠎ᠡ ᠡᠮᠬᠢ ᠳᠢᠭᠯᠢᠮ ᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠠᠷᠠᠯᠵᠢᠶ᠎ᠠ ᠪᠠ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯ ᠲᠦᠷᠭᠡᠰᠴᠦ᠂ ᠡᠩᠬᠡ ᠲᠠᠶᠢᠪᠤᠩ ᠪᠠ ᠬᠥᠭᠵᠢᠯᠲᠡ ᠰᠢᠨ᠎ᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠪᠢᠳᠡ ᠲᠡᠦᠬᠡ ᠪᠣᠯᠣᠨ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠵᠥᠪ ᠴᠢᠭᠯᠡᠯ ᠢ ᠡᠵᠡᠮᠳᠡᠵᠦ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃    - ᠡᠩᠬᠡ ᠲᠠᠶᠢᠪᠤᠩ ᠬᠥᠭᠵᠢᠬᠦ ᠤᠯᠠᠨ ᠤᠯᠤᠰ ᠤᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠡᠯ᠎ᠡ ᠤᠯᠤᠰ ᠢᠯᠠᠩᠭᠤᠶ᠎ᠠ ᠲᠣᠮᠣ ᠤᠯᠤᠰ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠰᠢᠷᠠᠯ ᠢ ᠰᠠᠨᠠᠭᠠᠴᠢᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢᠨ ᠬᠤᠷᠠᠯ ᠵᠡᠷᠭᠡ ᠤᠯᠠᠨ ᠲᠠᠯᠠᠲᠤ ᠪᠠᠶᠢᠭᠤᠯᠤᠮᠵᠢ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠳᠡᠮᠵᠢᠬᠦ ᠬᠡᠷᠡᠭᠲᠡᠢ᠃    - ᠨᠡᠭᠡᠭᠡᠯᠲᠡᠲᠡᠢ ᠬᠥᠭᠵᠢᠬᠦ ᠴᠠᠭ ᠦᠶ᠎ᠡ ᠶᠢᠨ ᠤᠷᠤᠰᠬᠠᠯ ᠢ ᠳᠠᠭᠠᠬᠤ ᠬᠡᠷᠡᠭᠲᠡᠢ᠃ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ ᠬᠥᠭᠵᠢᠯᠲᠡ ᠲᠡᠩᠴᠡᠭᠦᠷᠢ ᠪᠠᠨ ᠠᠯᠳᠠᠭᠰᠠᠨ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ᠃    - ᠰᠢᠨ᠎ᠡ ᠶᠢ ᠡᠭᠦᠳᠬᠦ ᠬᠥᠭᠵᠢᠯᠲᠡ ᠶᠢᠨ ᠲᠡᠦᠬᠡᠨ ᠠᠵᠠ ᠲᠣᠭᠢᠶᠠᠯ ᠢ ᠡᠵᠡᠮᠳᠡᠬᠦ ᠬᠡᠷᠡᠭᠲᠡᠢ᠃ ᠨᠡᠭᠡᠭᠡᠯᠲᠡᠲᠡᠢ᠂ ᠪᠠᠭᠲᠠᠭᠠᠮᠵᠢᠲᠠᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ ᠠᠵᠤ ᠠᠬᠤᠢ ᠶᠢᠨ ᠣᠷᠴᠢᠨ ᠨᠥᠬᠦᠴᠡᠯ ᠢ ᠪᠤᠢ ᠪᠤᠯᠭᠠᠵᠤ᠂ ᠬᠥᠮᠥᠨ ᠢᠶᠠᠷ ᠦᠨᠳᠦᠰᠦ ᠪᠤᠯᠭᠠᠬᠤ᠂ ᠣᠶᠤᠨ ᠴᠢᠳᠠᠪᠤᠷᠢ ᠶᠢ ᠰᠠᠶᠢᠨ ᠰᠠᠶᠢᠬᠠᠨ ᠤ ᠲᠥᠯᠥᠭᠡ ᠦᠢᠯᠡᠴᠢᠯᠡᠭᠦᠯᠬᠦ ᠶᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠣᠷᠣ ᠲᠥᠯᠥᠪ ᠤᠨ ᠳᠣᠲᠣᠷ᠎ᠠ ᠵᠣᠬᠢᠶᠠᠮᠠᠯ ᠤᠶᠤᠨ ᠴᠢᠳᠠᠪᠤᠷᠢ ᠶᠢᠨ ᠳᠦᠷᠢᠮ ᠤᠨ ᠵᠠᠰᠠᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠢ ᠲᠣᠭᠠᠴᠢᠯᠠᠭᠰᠠᠨ᠂ ᠣᠶᠤᠨᠴᠢᠯᠠᠭᠰᠠᠨ᠂ ᠪᠣᠬᠢᠷᠳᠤᠯ ᠦᠭᠡᠢ ᠪᠠᠶᠢᠬᠤ ᠤᠷᠤᠰᠬᠠᠯ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ᠳᠤᠮᠳᠠᠳᠤ ᠤᠯᠤᠰ ᠶᠠᠭ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠪᠤᠶ᠂ ᠡᠨᠡ ᠨᠢ ᠯᠠᠪᠲᠠᠢ ᠳᠡᠯᠡᠬᠡᠢ ᠶᠢᠨ ᠬᠥᠭᠵᠢᠯᠲᠡ ᠳᠤ ᠨᠠᠩ ᠶᠡᠭᠡ ᠰᠢᠨ᠎ᠡ ᠠᠵᠠ ᠲᠣᠭᠢᠶᠠᠯ ᠢ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠪᠣᠯ ᠢᠮᠠᠭᠲᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠷᠢᠯᠳᠦᠭᠦᠨ ᠮᠥᠨ᠂ ᠥᠨᠢ ᠡᠭᠦᠷᠢᠳᠡ ᠬᠥᠭᠵᠢᠵᠦ ᠪᠠᠶᠢᠭ᠎ᠠ ᠤᠯᠤᠰ ᠲᠤ ᠬᠠᠷᠢᠶᠠᠯᠠᠭᠳᠠᠨ᠎ᠠ᠃ ᠳᠤᠮᠳᠠᠳᠤ ᠤᠯᠤᠰ ᠪᠤᠰᠤᠳ ᠬᠥᠭᠵᠢᠵᠦ ᠪᠠᠶᠢᠭ᠎ᠠ ᠤᠯᠤᠰ ᠠᠴᠠ ᠣᠷᠣᠭᠤᠯᠤᠨ ᠠᠪᠴᠢᠷᠠᠬᠤ ᠪᠠᠨ ᠢᠳᠡᠪᠬᠢᠲᠡᠢ ᠥᠷᠭᠡᠳᠬᠡᠵᠦ ᠂ ᠠᠷᠠᠯᠵᠢᠶ᠎ᠠ᠂ ᠪᠡᠯᠡ ᠣᠷᠣᠭᠤᠯᠤᠯᠲᠠ᠂ ᠬᠥᠭᠵᠢᠯᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠬᠥᠮᠥᠨ ᠲᠥᠷᠥᠯᠬᠢᠲᠡᠨ ᠤ ᠢᠷᠡᠭᠡᠳᠦᠢ ᠪᠠᠷ ᠮᠥᠷᠥᠭᠡᠳᠦᠯ ᠢᠶᠠᠨ ᠪᠤᠯᠭᠠᠵᠤ᠂ ᠠᠷᠠᠳ ᠲᠦᠮᠡᠨ ᠤ ᠪᠤᠶᠠᠨ ᠵᠢᠷᠭᠠᠯ ᠢᠶᠠᠷ ᠪᠤᠳᠤᠯ ᠢᠶᠠᠨ ᠪᠤᠯᠭᠠᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ ᠲᠦᠪᠰᠢᠨ᠂ ᠴᠡᠴᠡᠭᠯᠡᠨ ᠬᠥᠭᠵᠢᠭᠰᠡᠨ᠂ ᠥᠭᠡᠳᠡᠯᠡᠨ ᠲᠠᠪᠰᠢᠬᠰᠠᠨ ᠰᠠᠶᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 12 ᠤᠨ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号