ᠬᠤᠶᠢᠲᠤ ᠰᠢᠷ᠎ᠠ ᠵᠤᠤ ᠰᠢᠶᠠᠩ ᠲᠡᠮᠦᠷ ᠵᠠᠮ ᠳᠠᠭᠠᠤ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/19
     ᠲᠡᠮᠦᠷ ᠵᠠᠮ ᠤᠨ ᠠᠵᠢᠯᠯᠠᠭᠠᠨ ᠤ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠵᠤ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠡᠮᠬᠢ ᠵᠢᠷᠤᠮ ᠲᠠᠢ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠥᠯᠥᠭᠡ᠂ 6 ᠰᠠᠷ᠎ᠠ ᠶᠢᠨ 18 ᠤ ᠡᠳᠦᠷ᠂   ᠬᠤᠶᠢᠲᠤ ᠰᠢᠷ᠎ᠠ ᠵᠤᠤ ᠰᠢᠶᠠᠩ ᠲᠡᠮᠦᠷ ᠵᠠᠮ ᠳᠠᠭᠠᠤ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃    ᠲᠡᠮᠦᠷ ᠵᠠᠮ ᠤᠨ ᠵᠠᠮ ᠬᠠᠮᠠᠭᠠᠯᠠᠭᠴᠢ ᠵᠢᠴᠢ ᠵᠠᠮ ᠳᠠᠭᠠᠤ ᠶᠢᠨ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ ᠲᠡᠮᠦᠷ ᠵᠠᠮ ᠳᠠᠭᠠᠤ ᠶᠢᠨ ᠦᠵᠡᠵᠦ ᠪᠣᠯᠬᠤ ᠬᠡᠪᠴᠢᠶᠡᠨ ᠳᠣᠲᠣᠷᠠᠬᠢ ᠠᠮᠢᠳᠤᠷᠠᠯ ᠤᠨ ᠬᠤᠭ ᠨᠣᠪᠰᠢ᠂  ᠰᠦᠯᠢᠶᠤᠤ᠂ ᠬᠤᠪᠠᠭ᠋ᠠᠶ ᠰᠠᠯᠠᠭ᠎ᠠ ᠨᠠᠮᠠᠭ᠎ᠠ᠂ ᠡᠯᠳᠡᠪ ᠶᠠᠭᠤᠮ᠎ᠠ ᠣᠪᠣᠭᠠᠯᠠᠭᠰᠠᠨ ᠵᠡᠷᠭᠡ ᠳᠤ ᠴᠢᠭᠯᠡᠭᠦᠯᠦᠨ ᠪᠥᠬᠦ ᠲᠠᠯ᠎ᠠ ᠪᠠᠷ ᠴᠡᠪᠡᠷᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠴᠡᠪᠡᠷ ᠲᠡᠭᠰᠢ᠂ ᠳᠠᠯᠳᠠ ᠬᠡᠮ ᠤᠨ ᠲᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠵᠠᠮ ᠬᠠᠮᠠᠭᠠᠯᠠᠭᠴᠢ ᠪᠠᠰᠠ ᠡᠷᠭᠢᠨ ᠲᠣᠭᠤᠷᠢᠨ ᠤ ᠲᠣᠰᠬᠤᠨ ᠤ ᠠᠷᠠᠳ ᠲᠤ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠢ ᠤᠬᠠᠭᠤᠯᠵᠤ᠂ ᠵᠠᠮ ᠳᠠᠭᠠᠤ ᠶᠢᠨ ᠲᠣᠰᠬᠤᠨ ᠤ ᠠᠷᠠᠳ ᠤᠨ ᠲᠡᠮᠦᠷ ᠵᠠᠮ ᠤᠨ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠪᠡ᠃    ᠲᠣᠰ ᠤᠳᠠᠭᠠᠨ ᠤ ᠲᠡᠮᠦᠷ ᠵᠠᠮ ᠳᠠᠭᠠᠤ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠣᠰᠬᠤᠨ ᠤ ᠠᠷᠠᠳ ᠤᠨ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠵᠢᠴᠢ ᠲᠡᠮᠦᠷ ᠵᠠᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠤᠶᠢᠲᠤ ᠰᠢᠷ᠎ᠠ ᠵᠤᠤ ᠰᠢᠶᠠᠩ ᠲᠡᠮᠦᠷ ᠵᠠᠮ ᠤᠨ ᠲᠣᠭᠤᠷᠢᠨ ᠪᠠᠶᠢᠴᠠᠭᠠᠬᠤ ᠠᠵᠢᠯ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠲᠡᠮᠦᠷ ᠵᠠᠮ ᠤᠨ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠣᠰᠬᠤᠨ ᠤ ᠠᠷᠠᠳ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠪᠠ ᠲᠣᠰᠬᠤᠨ ᠤ ᠠᠷᠠᠳ ᠤᠨ ᠠᠮᠤᠷ ᠲᠦᠪᠰᠢᠨ ᠠᠮᠢᠳᠤᠷᠠᠯ ᠢ ᠲᠠᠰᠤᠷᠠᠯᠲᠠ ᠥᠬᠡᠶ ᠪᠠᠲᠤᠯᠠᠨ᠎ᠠ᠃
 
ᠢᠷᠡᠯᠲᠡ᠄ ᠬᠤᠶᠢᠲᠤ ᠰᠢᠷ᠎ᠠ ᠵᠤᠤ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号