ᠪᠢᠴᠢᠭᠡᠴᠢ ᠪᠠᠯᠭᠠᠰᠤ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/20
   ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠪᠣᠯ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠥᠬᠦ ᠲᠠᠯ᠎ᠠ ᠪᠠᠷ ᠵᠢᠷᠤᠮᠵᠢᠭᠤᠯᠤᠭᠰᠠᠨ ᠠᠩᠬᠠᠳᠠᠭᠴᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠮᠥᠨ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠤᠨ ᠥᠭᠡᠷᠡᠴᠢᠯᠡᠯᠲᠡ ᠶᠢᠨ ᠴᠢᠬᠤᠯᠠ ᠦᠷ᠎ᠡ ᠪᠦᠲᠦᠭᠡᠯ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠪᠠᠷ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠴᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠲᠦᠷᠢᠮ ᠤᠨ ᠰᠢᠰᠲ᠋ᠧᠮ ᠢ ᠪᠦᠷᠢᠨᠰᠢᠬᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠰᠤᠳᠴᠢ ᠬᠡᠷᠡᠭᠴᠡᠭᠡ ᠮᠥᠨ᠃    ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠲᠣᠭᠲᠠᠭᠠᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢᠨ ᠲᠥᠯᠥᠭᠡ᠂ ᠪᠢᠴᠢᠭᠡᠴᠢ ᠪᠠᠯᠭᠠᠰᠤ ᠤᠬᠠᠭᠤᠯᠤᠨ ᠬᠥᠲᠥᠯᠦᠨ ᠵᠢᠯᠣᠭᠤᠳᠬᠤ ᠶᠢ ᠢᠳᠡᠪᠬᠢᠲᠡᠶ ᠥᠷᠨᠢᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠠᠬᠢᠭᠤᠯᠪᠠ᠃ 2024 ᠣᠨ ᠤ 6 ᠰᠠᠷ᠎ᠠ ᠶᠢᠨ 18 ᠤ ᠡᠳᠦᠷ᠂ ᠪᠢᠴᠢᠭᠡᠴᠢ ᠪᠠᠯᠭᠠᠰᠤ ᠪᠥᠬᠦ ᠪᠠᠯᠭᠠᠰᠤᠨ ᠤ ᠰᠦᠯᠵᠢᠶᠡᠨ ᠤ ᠠᠵᠢᠯᠲᠠᠨ ᠢ ᠵᠣᠬᠢᠶᠠᠨ ᠪᠠᠶᠢᠭᠤᠯᠵᠤ ᠵᠡᠭᠡᠯᠢ ᠭᠤᠳᠤᠮᠵᠢ ᠶᠢᠨ ᠡᠯ᠎ᠡ ᠬᠤᠳᠠᠯᠳᠤᠭᠠᠨ ᠤ ᠡᠷᠦᠬᠡ ᠶᠢᠨ ᠣᠶᠢᠷ᠎ᠠ ᠬᠠᠪᠢ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠲᠦᠷᠢᠮ︾ ᠢ ᠨᠡᠶᠢᠭᠡᠮ ᠲᠣᠭᠤᠷᠢᠭ ᠲᠤ ᠬᠦᠷᠭᠡᠵᠦ᠂ ᠵᠠᠬᠢᠳᠠᠯ ᠰᠤᠷᠪᠤᠯᠵᠢᠯᠠᠭ᠎ᠠ ᠶᠢᠨ ᠣᠯᠠᠨ ᠲᠦᠮᠡᠨ ᠤ ᠬᠠᠤᠯᠢ ᠶᠣᠰᠣᠭᠠᠷ ᠣᠶᠤᠨᠴᠢ ᠪᠠᠷ ᠬᠦᠰᠡᠯ ᠱᠠᠭᠠᠷᠳᠠᠯᠭ᠎ᠠ ᠪᠠᠨ ᠢᠯᠡᠳᠬᠡᠵᠦ᠂ ᠨᠡᠶᠢᠭᠡᠮ ᠤᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠬᠤ ᠶᠢ ᠬᠥᠲᠥᠯᠦᠨ ᠵᠢᠯᠣᠭᠤᠳᠪᠠ᠃    ᠲᠠᠷᠠᠭᠠᠴᠢ ᠶᠢᠨ ᠠᠯᠬᠤᠮ ᠳᠤ᠂ ᠪᠢᠴᠢᠭᠡᠴᠢ ᠪᠠᠯᠭᠠᠰᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ ᠲᠦᠮᠡᠨ ᠤ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ ᠬᠢᠯᠭᠡᠬᠦ ᠶᠢᠨ ᠬᠠᠮᠲᠤ ᠪᠠᠯᠭᠠᠰᠤᠨ ᠤ ᠬᠡᠪᠴᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠣᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠴᠤᠭᠯᠠᠭᠤᠯᠬᠤ ᠶᠢᠨ ᠬᠠᠮᠲᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠬᠠᠤᠯᠢ ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠡᠬᠢ ᠡᠭᠦᠰᠦᠯ ᠠᠴᠠ ᠨᠢ ᠵᠠᠰᠠᠬᠤ ᠠᠵᠢᠯ ᠢ ᠴᠢᠨᠠᠷ ᠰᠠᠶᠢᠲᠠᠶ ᠰᠠᠶᠢᠲᠤᠷ ᠬᠢᠨ᠎ᠠ᠃
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号