ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/24
    ᠵᠢᠯ ᠪᠦᠷᠢ ᠶᠢᠨ 6 ᠰᠠᠷ᠎ᠠ ᠪᠣᠯ ᠪᠦᠬᠦ ᠠᠷᠠᠳ ᠤᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠷ᠎ᠠ ᠪᠣᠯᠤᠨ᠎ᠠ᠂ 37 ᠳ᠋ᠤᠭᠠᠷ ᠳᠡᠯᠡᠬᠡᠶ ᠶᠢᠨ ᠬᠤᠤᠷᠲᠤ ᠡᠳ᠋ ᠢ ᠴᠠᠭᠠᠵᠠᠯᠠᠬᠤ ᠡᠳᠦᠷ ᠬᠦᠷᠴᠦ ᠢᠷᠡᠬᠦ ᠲᠠᠰᠢᠷᠠᠮ ᠳᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ᠪᠥᠬᠦ ᠠᠷᠠᠳ ᠤᠨ ᠬᠤᠤᠷᠲᠤ ᠡᠳ᠋ ᠢ ᠲᠠᠨᠢᠬᠤ᠂ ᠬᠤᠤᠷᠲᠤ ᠡᠳ᠋ ᠢ ᠰᠡᠷᠭᠡᠶᠢᠯᠡᠬᠦ᠂ ᠬᠤᠤᠷᠲᠤ ᠡᠳ᠋ ᠢ ᠡᠰᠡᠷᠭᠦᠴᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 6ᠰᠠᠷ᠎ᠠ ᠶᠢᠨ 21 ᠤ ᠡᠳᠦᠷ᠂ ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠭᠦᠩ ᠶᠤᠸᠠᠨ ᠲᠠᠨᠢᠭ ᠰᠦᠩ ᠠᠭᠤᠳᠠᠮ ᠲᠠᠯᠠᠪᠠᠶ ᠳᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠷᠠᠳ ᠤᠨ ᠴᠠᠭᠳᠠᠭ᠎ᠠ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠳᠠᠭᠤᠷᠢᠶᠠᠮᠠᠯ ᠬᠤᠤᠷᠲᠤ ᠡᠳ᠋ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠠᠭᠪᠤᠷ ᠲᠠᠯᠪᠢᠬᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ᠪᠠᠶᠢᠩᠭᠤ ᠲᠣᠬᠢᠶᠠᠯᠳᠤᠳᠠᠭ ᠬᠤᠤᠷᠲᠤ ᠡᠳ᠋ ᠤᠨ ᠲᠥᠷᠥᠯ  ᠵᠦᠢᠯ᠂ ᠬᠤᠤᠷ ᠬᠥᠨᠥᠭᠡᠯ ᠵᠢᠴᠢ ᠢᠯᠭᠠᠨ ᠲᠠᠨᠢᠬᠤ ᠤᠷ᠎ᠠ ᠮᠡᠷᠭᠡᠵᠢᠯ ᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠢ ᠬᠠᠷᠢᠯᠴᠠᠨ ᠬᠥᠳᠡᠯᠦᠯᠴᠡᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠ ᠬᠤᠤᠷ ᠰᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠤᠤᠷ ᠲᠠᠨᠢᠬᠤ᠂ ᠬᠤᠤᠷ ᠰᠡᠷᠭᠡᠶᠢᠯᠡᠬᠦ᠂ ᠬᠤᠤᠷᠲᠤ ᠡᠳ᠋ ᠢ ᠡᠰᠡᠷᠭᠦᠴᠡᠬᠦ ᠤᠬᠠᠮᠰᠠᠷ ᠢ ᠨᠢ ᠴᠢᠩᠭᠠᠷᠠᠭᠤᠯᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠯᠠᠨ ᠲᠦᠮᠡᠨ ᠤ ᠬᠤᠤᠷᠲᠤ ᠡᠳ᠋ ᠢ ᠮᠡᠳᠡᠬᠦ ᠪᠠ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠬᠤᠤᠷᠲᠤ ᠡᠳ᠋ ᠢ ᠴᠠᠭᠠᠵᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠵᠠᠯᠭᠠᠭᠠᠳ᠂ ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠬᠤᠤᠷ ᠴᠠᠭᠠᠵᠠᠯᠠᠬᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ ᠲᠦᠮᠡᠨ ᠤ ᠦᠵᠡᠯ ᠤᠬᠠᠮᠰᠠᠷ ᠤᠨ ᠳᠠᠪᠬᠤᠷᠭ᠎ᠠ ᠠᠴᠠ ᠬᠤᠤᠷ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠰᠢᠨ᠎ᠡ ᠨᠢᠭᠡ ᠡᠭᠡᠯᠵᠢ ᠶᠢᠨ ᠬᠤᠤᠷ ᠴᠠᠭᠠᠵᠠᠯᠠᠬᠤ ᠳᠠᠶᠢᠯᠠᠯᠳᠤᠭᠠᠨ ᠳᠤ ᠦᠨᠳᠦᠰᠦᠨ ᠱᠠᠲᠤᠨ ᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄  ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号