ᠲᠠᠪᠤᠨᠰᠠᠶᠢᠨ ᠰᠢᠶᠠᠩ 2024 ᠣᠨ ᠤ ᠳᠣᠤᠷ᠎ᠠ ᠬᠠᠭᠠᠰ ᠵᠢᠯ ᠤᠨ ᠴᠡᠷᠢᠭ ᠡᠯᠰᠡᠬᠦ ᠵᠢᠴᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/25
    2024 ᠣᠨ ᠤ ᠳᠣᠤᠷ᠎ᠠ ᠬᠠᠭᠠᠰ ᠵᠢᠯ ᠳᠤ ᠴᠡᠷᠢᠭ ᠡᠯᠰᠡᠬᠦ ᠵᠢᠴᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠡᠯᠰᠡᠬᠦ ᠤᠬᠠᠭᠤᠯᠭ᠎ᠠ ᠶᠢᠨ ᠠᠭᠤᠷ ᠠᠮᠢᠰᠬᠤᠯ ᠢ ᠨᠠᠩ ᠭᠦᠨ ᠵᠤᠵᠠᠭᠠᠨ ᠪᠣᠯᠭᠠᠵᠤ᠂ ᠥᠷᠭᠡᠨ ᠣᠯᠠᠨ ᠵᠠᠯᠠᠭᠤᠴᠤᠳ ᠢᠳᠡᠪᠬᠢᠲᠡᠶ ᠪᠠᠷ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ ᠶᠢ ᠵᠣᠷᠢᠭᠵᠢᠭᠤᠯᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠲᠠᠪᠤᠨᠰᠠᠶᠢᠨ ᠰᠢᠶᠠᠩ 2024 ᠣᠨ ᠤ ᠳᠣᠤᠷ᠎ᠠ ᠬᠠᠭᠠᠰ ᠵᠢᠯ ᠤᠨ ᠴᠡᠷᠢᠭ ᠡᠯᠰᠡᠬᠦ ᠵᠢᠴᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠰᠢᠶᠠᠩ ᠤᠨ ᠵᠡᠪᠰᠡᠭᠲᠦ ᠬᠦᠴᠦᠨ ᠤ ᠬᠡᠯᠲᠡᠰ ᠨᠢ ᠲᠣᠰᠬᠤᠨ ᠤ ᠳᠣᠲᠣᠷᠠᠬᠢ ᠰᠦᠮ᠎ᠡ ᠶᠢᠨ ᠬᠤᠷᠠᠯ ᠪᠣᠯᠤᠨ ᠴᠤᠭᠯᠠᠭ᠎ᠠ ᠮᠠᠶᠢᠮᠠᠢ ᠳᠤ ᠣᠴᠢᠬᠤ ᠡᠳᠦᠷ ᠤᠨ ᠬᠥᠮᠦᠨ ᠬᠠᠷ᠎ᠠ ᠨᠡᠯᠢᠶᠡᠳ ᠶᠡᠭᠡ ᠴᠠᠭ ᠬᠤᠭᠤᠴᠠᠭ᠎ᠠ ᠶᠢ ᠠᠰᠢᠭᠯᠠᠨ᠂ 2024 ᠣᠨ ᠤ ᠳᠣᠣᠷ᠎ᠠ ᠬᠠᠭᠠᠰ ᠵᠢᠯ ᠤᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠨᠳᠡᠯᠡᠨ ᠪᠢᠴᠢᠭᠡᠰᠦ ᠡᠯᠭᠦᠬᠦ᠂ ᠴᠡᠷᠢᠭ ᠡᠯᠰᠡᠬᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠸᠢᠴᠠᠲ ᠢᠶᠠᠷ ᠴᠡᠷᠢᠭ ᠡᠯᠰᠡᠬᠦ ᠬᠤᠯᠪᠣᠯᠳᠤᠯ ᠢ ᠬᠦᠷᠭᠡᠬᠦ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠵᠤ ᠬᠠᠷᠢᠭᠤᠯᠲᠠ ᠥᠭᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠴᠡᠷᠢᠭ ᠲᠤ ᠡᠯᠰᠡᠭᠳᠡᠬᠦ ᠨᠥᠬᠦᠴᠡᠯ᠂ ᠨᠡᠷ᠎ᠡ ᠮᠡᠳᠡᠭᠦᠯᠬᠦ ᠶᠠᠪᠤᠴᠠ ᠵᠢᠴᠢ ᠤᠶᠤᠲᠠᠳ ᠤᠨ ᠴᠡᠷᠢᠭ ᠲᠤ ᠣᠷᠣᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠵᠡᠷᠭᠡ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠤ᠂ ᠮᠠᠰᠢ ᠤᠯᠠᠨ ᠵᠠᠯᠠᠭᠤᠴᠤᠳ ᠪᠣᠯᠤᠨ ᠭᠡᠷ ᠤᠨ ᠠᠬᠠᠮᠠᠳ ᠤᠨ ᠳᠤᠷ᠎ᠠ ᠰᠣᠨᠢᠷᠬᠠᠯ ᠢ ᠲᠠᠲᠠᠪᠠ᠃    ᠬᠡᠰᠡᠭ ᠵᠠᠯᠠᠭᠤᠴᠤᠳ ᠪᠣᠯᠤᠨ ᠭᠡᠷ ᠤᠨ ᠠᠬᠠᠮᠠᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠰᠢᠶᠠᠩ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ 2024 ᠣᠨ ᠤ ᠳᠣᠣᠷ᠎ᠠ ᠬᠠᠭᠠᠰ ᠵᠢᠯ ᠤᠨ ᠴᠡᠷᠢᠭ ᠡᠯᠰᠡᠬᠦ ᠴᠠᠭ᠂ ᠴᠡᠷᠢᠭ ᠲᠤ ᠣᠷᠣᠬᠤ ᠦᠨᠳᠦᠰᠦᠨ ᠨᠥᠬᠦᠴᠡᠯ᠂ ᠴᠡᠷᠢᠭ ᠡᠯᠰᠡᠬᠦ ᠡᠲᠡᠭᠡᠳ᠂ ᠵᠠᠯᠠᠭᠤᠴᠤᠳ ᠤᠨ ᠴᠡᠷᠢᠭ ᠲᠤ ᠣᠷᠣᠬᠤ ᠶᠠᠪᠤᠴᠠ ᠶᠢ ᠨᠠᠷᠢᠨ ᠲᠠᠶᠢᠯᠪᠤᠷᠢᠯᠠᠵᠤ᠂ ᠶᠡᠭᠡ ᠰᠤᠷᠭᠠᠭᠤᠯᠢ ᠲᠡᠭᠦᠰᠦᠭᠰᠡᠳ ᠤᠨ ᠴᠡᠷᠢᠭ ᠲᠤ ᠣᠷᠣᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠠᠯᠪᠠᠨ ᠵᠢᠷᠤᠮ ᠤᠨ ᠴᠡᠷᠢᠭ ᠤᠨ ᠠᠯᠪᠠᠨ ᠤ ᠬᠤᠭᠤᠴᠠᠭᠠᠨ ᠳᠠᠬᠢ ᠬᠠᠷᠠᠭᠠᠯᠵᠠᠯ ᠢ ᠭᠤᠣᠯᠳᠠᠯᠭ᠎ᠠ ᠲᠠᠢ ᠲᠠᠨᠢᠯᠴᠠᠭᠤᠯᠵᠤ᠂ ᠡᠯ᠎ᠡ ᠵᠠᠯᠠᠭᠤᠴᠤᠳ ᠵᠢᠴᠢ ᠭᠡᠷ ᠤᠨ ᠠᠬᠠᠮᠠᠳ ᠤᠨ ᠬᠤᠶᠢᠰᠢᠳᠠ ᠶᠢᠨ ᠵᠣᠪᠠᠨᠢᠯ ᠢ ᠠᠷᠢᠯᠭᠠᠵᠤ᠂ ᠥᠷᠭᠡᠨ ᠤᠯᠠᠨ ᠵᠠᠯᠠᠭᠤᠴᠤᠳ ᠤᠨ ᠴᠡᠷᠢᠭ ᠤᠨ ᠬᠤᠸᠠᠷᠠᠨ ᠳᠤ ᠣᠷᠣᠯᠴᠠᠬᠤ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠤᠯᠤᠰ ᠲᠠᠭᠠᠨ ᠵᠢᠳᠬᠦᠬᠦ ᠰᠡᠳᠬᠢᠯ ᠢ ᠪᠠᠲᠤᠳᠬᠠᠪᠠ᠃    ᠴᠡᠷᠢᠭ ᠡᠯᠰᠡᠬᠦ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠬᠠᠭᠤᠯᠭ᠎ᠠ ᠶᠢᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ᠂ ᠬᠥᠳᠡᠭᠡ ᠲᠣᠰᠬᠤᠨ ᠤ ᠺᠠᠳ᠋ᠷᠴᠤᠳ ᠸᠢᠴᠠᠲ ᠤᠨ ᠬᠤᠯᠪᠤᠭ᠎ᠠ᠂ ᠨᠠᠶᠢᠵᠠ ᠶᠢᠨ ᠲᠣᠭᠤᠷᠢᠭ ᠢᠶᠠᠷ ᠳᠠᠮᠵᠢᠭᠤᠯᠤᠨ ᠴᠡᠷᠢᠭ ᠡᠯᠰᠡᠬᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠠᠪᠤᠴᠠ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠵᠣᠬᠢᠶᠠᠯ ᠢ ᠢᠳᠡᠪᠬᠢᠲᠡᠶ ᠳᠠᠮᠵᠢᠭᠤᠯᠤᠨ ᠲᠠᠷᠬᠠᠭᠠᠵᠤ᠂ ᠥᠷᠭᠡᠨ ᠢᠶᠠᠷ ᠤᠬᠠᠭᠤᠯᠪᠠ᠃    ᠳᠠᠷᠠᠭᠠᠴᠢ ᠶᠢᠨ ᠠᠯᠬᠤᠮ ᠳᠤ᠂ ᠲᠠᠪᠤᠨᠰᠠᠶᠢᠨ ᠰᠢᠶᠠᠩ ᠶᠡᠭᠡ ᠰᠤᠷᠭᠠᠭᠤᠯᠢ ᠶᠢᠨ ᠰᠤᠷᠤᠭᠴᠢᠳ ᠤᠨ ᠵᠤᠨ ᠤ ᠠᠮᠠᠷᠠᠯᠲᠠ ᠲᠠᠯᠪᠢᠬᠤ ᠠᠰᠢᠭᠲᠠᠢ ᠴᠠᠭ ᠲᠣᠬᠢᠶᠠᠯ ᠢ ᠨᠢᠭᠲᠠ ᠠᠳᠬᠤᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠶᠤᠲᠠᠳ ᠤᠨ ᠴᠡᠷᠢᠭ ᠡᠯᠰᠡᠬᠦ ᠪᠠᠷ ᠨᠡᠷ᠎ᠡ ᠮᠡᠳᠡᠭᠦᠯᠬᠦ ᠰᠢᠨ᠎ᠡ ᠥᠷᠨᠢᠯᠲᠡ ᠶᠢ ᠪᠤᠢ ᠪᠣᠯᠭᠠᠵᠤ᠂ ᠨᠡᠩ ᠤᠯᠠᠨ ᠰᠢᠯᠢᠳᠡᠭ ᠵᠠᠯᠠᠭᠤᠴᠤᠳ ᠢ ᠬᠦᠳᠦᠯᠦᠨ ᠵᠢᠯᠣᠭᠤᠳᠴᠤ ᠪᠠᠶᠢᠭᠠᠳ ᠴᠡᠷᠢᠭ ᠲᠤ ᠣᠷᠣᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠲᠠᠪᠤᠨᠰᠠᠶᠢᠨ ᠰᠢᠶᠠᠩ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号