ᠬᠤᠤᠷᠲᠤ ᠡᠳ᠋ ᠢ ᠴᠠᠭᠠᠵᠠᠯᠠᠬᠤ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ᠂ ᠪᠢᠴᠢᠭᠡᠴᠢ ᠪᠠᠯᠭᠠᠰᠤ ︽6.26︾ ᠤ ᠣᠯᠠᠨ ᠤᠯᠤᠰ ᠤᠨ ᠬᠤᠤᠷᠲᠤ ᠡᠳ᠋ ᠢ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/26
    ᠬᠤᠤᠷᠲᠤ ᠡᠳ᠋ ᠤᠨ ᠠᠰᠠᠭᠤᠳᠠᠯ ᠪᠣᠯ ᠤᠯᠤᠰ ᠤᠨ ᠠᠮᠤᠷ ᠲᠦᠪᠰᠢᠨ ᠠᠶᠤᠯ ᠲᠦᠭᠰᠢᠭᠦᠷᠢ ᠲᠠᠢ ᠬᠤᠯᠪᠣᠭᠳᠠᠵᠤ ᠂ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠵᠤ᠂ ᠰᠢᠨ᠎ᠡ ᠴᠠᠭ ᠦᠶ᠎ᠡ ᠶᠢᠨ ᠬᠤᠤᠷᠲᠤ ᠡᠳ᠋ ᠢ ᠴᠠᠭᠠᠵᠠᠯᠠᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠬᠡ ᠬᠡᠷᠡᠯᠳᠡᠢ ᠶᠤᠮ᠃ 37 ᠳ᠋ᠤᠭᠠᠷ ︽ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠬᠤᠤᠷ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠬᠤᠤᠷᠲᠤ ᠡᠳ᠋ ᠵᠢᠴᠢ ᠬᠤᠤᠷ ᠴᠠᠭᠠᠵᠠᠯᠠᠬᠤ ᠴᠢᠨᠠᠷ ᠤᠨ ᠲᠤᠬᠠᠶ ᠲᠠᠨᠢᠯᠲᠠ ᠶᠢ ᠴᠢᠩᠭᠠᠳᠬᠠᠬᠤ ᠶᠢᠨ ᠲᠥᠯᠥᠭᠡ᠂ ᠪᠢᠴᠢᠭᠡᠴᠢ ᠪᠠᠯᠭᠠᠰᠤ ᠪᠥᠬᠦ ᠪᠠᠯᠭᠠᠰᠤᠨ ᠤ ᠬᠡᠪᠴᠢᠶᠡᠨ ᠳᠤ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠲᠤᠤᠷᠵᠢᠯ ᠤᠨ ᠠᠵᠢᠯᠲᠠᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠬᠤᠤᠷᠲᠤ ᠡᠳ᠋ ᠤᠨ ᠬᠤᠤᠷ ᠬᠥᠨᠥᠭᠡᠯ ᠪᠠ ᠬᠤᠤᠷᠲᠤ ᠡᠳ᠋ ᠢ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠨᠡᠶᠢᠯᠡᠮᠡᠯ ᠬᠤᠤᠷᠲᠤ ᠡᠳ᠋ ᠤᠨ ᠬᠥᠮᠦᠨ ᠤ ᠪᠡᠶ᠎ᠡ ᠳᠤ ᠤᠴᠠᠷᠠᠭᠤᠯᠤᠭᠰᠠᠨ ᠬᠤᠤᠷ ᠬᠥᠨᠥᠭᠡᠯ᠂ ᠠᠮᠤ ᠴᠡᠴᠡᠭ ᠢ ᠬᠠᠤᠯᠢ ᠪᠤᠰᠤ ᠪᠠᠷ ᠳᠠᠷᠢᠬᠤ ᠬᠦᠨᠳᠦ ᠨᠣᠴᠢᠲᠠᠶ ᠦᠷ᠎ᠡ ᠳ᠋ᠦᠩ ᠢ ᠬᠠᠤᠯᠢ ᠪᠤᠰᠤ ᠪᠠᠷ ᠲᠦᠭᠡᠮᠡᠯᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠣᠯᠠᠨ ᠲᠦᠮᠡᠨ ᠳᠤ ᠢᠯᠠᠩᠭᠤᠶ᠎ᠠ ᠥᠷᠭᠡᠨ ᠣᠯᠠᠨ ᠵᠠᠯᠠᠭᠤᠴᠤᠳ ᠪᠠᠭᠠᠴᠤᠳ ᠲᠤ ᠬᠤᠤᠷᠲᠤ ᠡᠳ᠋ ᠢ ᠲᠣᠳᠣᠷᠬᠠᠶ ᠲᠠᠨᠢᠭᠤᠯᠵᠤ᠂ ᠬᠤᠤᠷᠲᠤ ᠡᠳ᠋ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠬᠤᠤᠷᠲᠤ ᠡᠳ᠋ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠡᠷᠡᠰ ᠲᠡᠮᠡᠴᠡᠯ ᠬᠢᠬᠦ ᠶᠢ ᠰᠠᠨᠠᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠤ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ ᠨᠠᠩ ᠪᠥᠬᠦ ᠲᠠᠯ᠎ᠠ ᠶᠢᠨ᠂ ᠭᠦᠨᠵᠡᠭᠡᠶ ᠲᠠᠨᠢᠯᠲᠠ ᠲᠠᠢ ᠪᠣᠯᠭᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠬᠤᠤᠷᠲᠤ ᠡᠳ᠋ ᠢ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠬᠤᠤᠷᠲᠤ ᠡᠳ᠋ ᠢ ᠤᠬᠠᠮᠰᠠᠷ ᠠᠴᠠ ᠪᠠᠨ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠵᠤ᠂ ᠪᠥᠬᠦ ᠪᠠᠯᠭᠠᠰᠤᠨ ᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠳᠤ ᠰᠠᠭᠤᠷᠢ ᠲᠠᠯᠪᠢᠵᠤ ᠥᠭᠴᠡᠶ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠣᠰᠬᠤᠨ ᠤ ᠠᠷᠠᠳ ᠤᠨ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠬᠤᠤᠷᠲᠤ ᠡᠳ᠋ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠪᠠᠨ ᠨᠡᠮᠡᠭᠳᠡᠭᠦᠯᠵᠦ᠂ ︽ᠬᠥᠮᠦᠨ ᠪᠦᠬᠦᠨ ᠣᠷᠣᠯᠴᠠᠵᠤ᠂ ᠪᠥᠬᠦ ᠠᠷᠠᠳ ᠢᠶᠠᠷ ᠢᠶᠠᠨ ᠬᠤᠤᠷᠲᠤ ᠡᠳ᠋ ᠢ ᠴᠠᠭᠠᠵᠠᠯᠠᠬᠤ︾᠂ ᠬᠥᠮᠦᠨ ᠪᠦᠬᠦᠨ ᠠᠶᠤᠯᠭᠦᠶ ᠦᠢᠯᠡᠳᠪᠦᠷᠢᠯᠡᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ᠤᠬᠠᠭᠤᠯᠭ᠎ᠠ ᠶᠢᠨ ᠭᠠᠷ ᠳᠡᠪᠲᠡᠷ ᠢ 200 ᠭᠠᠷᠤᠶ ᠬᠤᠪᠢ ᠲᠠᠷᠬᠠᠭᠠᠵᠤ᠂ ᠰᠤᠷᠭᠠᠨ ᠬᠥᠮᠦᠵᠢᠯ ᠭᠥᠷᠳᠡᠭᠰᠡᠨ ᠣᠯᠠᠨ ᠲᠦᠮᠡᠨ 500 ᠭᠠᠷᠤᠶ ᠬᠥᠮᠦᠨ ᠪᠠᠶᠢᠪᠠ᠃
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号