︽ᠬᠥᠬᠡᠬᠤᠲᠠ ᠶᠢᠨ ᠭᠡᠷᠡᠯ︾ 2024ᠣᠨ ᠤ ᠲᠦᠮᠡᠳ ᠵᠡᠭᠦᠨ ᠬᠤᠰᠢᠭᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/6/28
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠦᠵᠡᠯ ᠰᠠᠨᠠᠭ᠎ᠠ ᠶᠢ ᠨᠢᠭᠡᠳᠬᠡᠬᠦ᠂ ᠬᠦᠴᠦᠨ ᠴᠢᠳᠠᠯ ᠢ ᠨᠢᠭᠲᠠᠷᠠᠭᠤᠯᠬᠤ᠂ ᠲᠡᠮᠡᠴᠡᠯ ᠤᠨ ᠵᠣᠷᠢᠭ ᠢ ᠬᠥᠪᠴᠢᠯᠡᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠰᠢᠯᠢᠳᠡᠭ ᠣᠨᠣᠯ ᠤᠨ ᠤᠬᠠᠭᠤᠯᠤᠨ ᠲᠠᠶᠢᠯᠪᠤᠷᠢᠯᠠᠬᠤ ᠴᠢᠳᠠᠪᠤᠷᠢᠲᠠᠨ ᠢ ᠢᠯᠡᠷᠡᠭᠦᠯᠵᠦ᠂ ᠬᠥᠮᠦᠵᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ ᠶᠢᠨ ᠡᠩᠨᠡᠭᠡ ᠶᠢ ᠲᠡᠭᠦᠯᠳᠡᠷᠵᠢᠭᠦᠯᠪᠡ᠃ 6 ᠰᠠᠷ᠎ᠠ ᠶᠢᠨ 26 ᠤ ᠡᠳᠦᠷ᠂ ︽ᠬᠥᠬᠡᠬᠤᠲᠠ ᠶᠢᠨ ᠭᠡᠷᠡᠯ︾ 2024 ᠣᠨ ᠤ ᠲᠦᠮᠡᠳ ᠵᠡᠭᠦᠨ ᠬᠤᠰᠢᠭᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠲᠦᠮᠡᠳ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠲᠤ ᠲᠡᠭᠦᠰ ᠠᠮᠵᠢᠯᠲᠠ ᠲᠠᠢ ᠥᠨᠳᠥᠷᠯᠡᠪᠡ᠃    ᠲᠤᠰ ᠤᠳᠠᠭᠠᠨ ᠤ ᠤᠷᠤᠯᠳᠤᠭᠠᠨ ᠪᠣᠯ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠤᠨ ᠠᠮᠢᠳᠤᠯᠢᠭ ᠦᠢᠯᠡᠳᠦᠯᠭᠡ ᠪᠠ ᠠᠬᠢᠴᠠ ᠦᠷ᠎ᠡ ᠪᠦᠲᠦᠮᠵᠢ ᠶᠢ ᠯᠠᠪᠳᠠᠭᠤᠨ ᠪᠠᠲᠤᠲᠠᠢ ᠠᠬᠢᠭᠤᠯᠵᠤ᠂ ᠤᠷᠤᠯᠳᠤᠭᠠᠨ ᠳᠤ ᠣᠷᠣᠯᠴᠠᠭᠴᠢᠳ ᠤᠨ ᠵᠠᠷᠢᠮ ᠨᠢ ᠲᠤᠬᠠᠢ ᠶᠢᠨ ᠭᠠᠵᠠᠷ ᠤᠨ ᠬᠤᠪᠢᠰᠬᠠᠯ ᠤᠨ ᠡᠬᠢ ᠪᠠᠶᠠᠯᠢᠭ ᠲᠠᠢ ᠤᠶᠠᠯᠳᠤᠭᠤᠯᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠶᠠᠷᠢᠵᠤ ᠥᠭᠪᠡ᠃ ᠵᠠᠷᠢᠮ ᠨᠢ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠰᠡᠳᠬᠢᠯ ᠬᠥᠳᠡᠯᠭᠡᠮ᠎ᠡ ᠦᠯᠢᠬᠡᠷ ᠢ ᠶᠠᠷᠢᠵᠤ᠂ ᠡᠯᠪᠡᠭ ᠪᠠᠶᠠᠯᠢᠭ ᠠᠭᠤᠯᠭ᠎ᠠ᠂ ᠴᠢᠩ ᠦᠨᠡᠨᠴᠢ ᠬᠠᠶᠢᠷ᠎ᠠ ᠰᠡᠳᠬᠢᠯᠭᠡ᠂ ᠠᠮᠢᠳᠤᠯᠢᠭ ᠦᠭᠡ ᠬᠡᠯᠡᠯᠭᠡ ᠪᠠᠷ ᠳᠡᠷᠭᠡᠳᠡᠬᠢ ᠬᠥᠮᠦᠨ᠂ ᠳᠡᠷᠭᠡᠳᠡᠬᠢ ᠶᠠᠪᠤᠳᠠᠯ ᠢᠶᠠᠨ ᠶᠠᠷᠢᠵᠤ᠂ ︽ᠵᠢᠵᠢᠭ ᠭᠤᠣᠯ ᠰᠡᠳᠦᠪ︾ ᠢ ᠲᠤᠰᠬᠠᠬᠤ ᠪᠠᠷ ᠳᠠᠮᠵᠢᠭᠤᠯᠵᠤ᠂ ︽ᠵᠢᠵᠢᠭ ᠦᠯᠢᠭᠡᠷ︾ ᠢ ᠶᠠᠷᠢᠵᠤ᠂ ︽ᠶᠡᠭᠡ ᠶᠣᠰᠣ︾ ᠶᠢ ᠶᠠᠷᠢᠵᠤ᠂ ᠤᠨᠤᠯ ᠤᠨ ᠲᠠᠶᠢᠯᠤᠮᠵᠢ ᠶᠢ ᠥᠨᠳᠥᠷ ᠲᠦᠪᠰᠢᠨ ᠲᠠᠢ ᠪᠥᠭᠡᠳ ᠳᠤᠯᠠᠭᠠᠬᠠᠨ ᠪᠠᠶᠢᠯᠭᠠᠬᠤ ᠦᠷ᠎ᠡ ᠪᠦᠲᠦᠮᠵᠢ ᠳᠤ ᠬᠦᠷᠭᠡᠪᠡ᠃    ᠪᠦᠬᠦ ᠲᠠᠯᠠᠪᠤᠷ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠨᠢ ᠤᠨᠤᠯ ᠤᠨ ᠦᠨᠳᠦᠷᠴᠡ ᠲᠠᠢ ᠪᠥᠭᠡᠳ ᠬᠤᠪᠢ ᠬᠥᠮᠦᠨ ᠤ ᠲᠦᠷᠦᠭᠳᠡᠯ ᠲᠠᠢ ᠪᠠᠶᠢᠵᠤ᠂ ︽ᠰᠡᠳᠬᠢᠯ ᠲᠠᠯᠪᠢᠬᠤ︾ ᠮᠥᠷᠲᠡᠭᠡᠨ ︽ᠰᠡᠳᠬᠢᠯ ᠳᠤ ᠬᠠᠳᠠᠩᠰᠢᠬᠤ︾ ᠤᠷᠤᠯᠳᠤᠭᠠᠨ ᠨᠢ ᠤᠷᠤᠯᠳᠤᠭᠠᠨ ᠳᠤ ᠣᠷᠣᠯᠴᠠᠭᠰᠠᠳ ᠲᠤ ᠥᠪᠡᠷ ᠢ ᠪᠠᠨ ᠢᠯᠡᠷᠡᠭᠦᠯᠬᠦ ᠲᠠᠪᠴᠠᠩ ᠢ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠤᠷᠤᠯᠳᠤᠭᠠᠨ ᠳᠤ ᠣᠷᠣᠯᠴᠠᠭᠰᠠᠳ ᠲᠤ ᠬᠠᠷᠢᠯᠴᠠᠨ ᠰᠣᠯᠢᠯᠴᠠᠬᠤ᠂ ᠬᠠᠷᠢᠯᠴᠠᠨ ᠠᠬᠢᠭᠤᠯᠬᠤ ᠰᠤᠷᠤᠯᠴᠠᠬᠤ ᠲᠠᠪᠴᠠᠩ ᠬᠠᠩᠭᠠᠭᠰᠠᠨ ᠪᠠᠶᠢᠨ᠎ᠠ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠪᠠᠶ ᠮᠢᠶᠣᠣ ᠽᠢ ᠪᠠᠯᠭᠠᠰᠤᠨ ᠤ  ᠺᠠᠲ᠋ᠠᠷ ᠵᠢᠶ ᡁᠢ ᠴᠢᠶᠠᠩ ᠲᠣᠰ ᠤᠳᠠᠭᠠᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠪᠡ᠃ ᠲᠤᠬᠠᠶ ᠶᠢᠨ ᠲᠠᠯᠠᠪᠠᠶ ᠳᠤ ᠪᠠᠰᠠ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠬᠠᠭᠤᠯᠤᠨ ᠲᠠᠶᠢᠯᠪᠤᠷᠢᠯᠠᠬᠤ ᠡᠩᠨᠡᠭᠡ ᠪᠠᠨ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠰᠢᠨ᠎ᠡ ᠠᠷᠭ᠎ᠠ ᠬᠡᠯᠪᠡᠷᠢ ᠶᠢ ᠡᠭᠦᠳᠦᠨ ᠪᠠᠶᠢᠭᠤᠯᠵᠤ᠂ ᠤᠬᠠᠭᠤᠯᠤᠨ ᠲᠠᠶᠢᠯᠪᠤᠷᠢᠯᠠᠬᠤ ᠰᠢᠨ᠎ᠡ ᠵᠢᠭᠰᠠᠭᠠᠯ ᠤᠨ ᠭᠠᠵᠠᠷ ᠢ ᠪᠠᠶᠢᠭᠤᠯᠵᠤ᠂ ᠨᠡᠶᠢᠭᠡᠮ ᠤᠨ ᠣᠯᠠᠨ ᠲᠠᠯ᠎ᠠ ᠶᠢᠨ ᠬᠦᠴᠦᠨ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠨᠠᠮ ᠤᠨ ᠡᠯ᠎ᠡ ᠵᠦᠢᠯ ᠤᠨ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠶ ᠪᠥᠭᠡᠳ ᠨᠡᠪᠲᠡᠷᠡᠲᠡᠯ᠎ᠡ ᠶᠠᠷᠢᠵᠤ᠂ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠤᠷᠢᠬᠠᠨ ᠰᠠᠯᠬᠢ ᠪᠣᠷᠣᠭᠠᠨ ᠢᠶᠠᠷ ᠣᠯᠠᠨ ᠲᠦᠮᠡᠨ ᠤ ᠰᠡᠳᠬᠢᠯ ᠢ ᠤᠮᠳᠠᠯᠠᠨ᠎ᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号