ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠦᠢᠯᠡᠳᠭᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠶᠢᠨ  ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
   ᠮᠢᠬᠠᠨ ᠤ ᠲᠥᠷᠥᠯ ᠤᠨ ᠦᠢᠯᠡᠳᠭᠦᠨ ᠤ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠢᠬᠠᠨ ᠤ ᠵᠦᠢᠯ ‍ᠤᠨ‌ᠦᠢᠯᠡᠳᠭᠦᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠮᠢᠬᠠᠨ ᠤ ᠵᠦᠢᠯ ᠤᠨ ᠦᠢᠯᠡᠳᠭᠦᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ 6 ᠰᠠᠷ᠎ᠠ ᠶᠢᠨ 27 ᠤ ᠡᠳᠦᠷ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠵᠦᠢᠯ ᠤᠨ  ᠦᠢᠯᠡᠳᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠧᠩ ᠰᠢᠶᠦ᠋ᠩ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠪᠴᠢᠶᠠᠨ ᠳᠠᠷᠤᠭ᠎ᠠ ᠵᠠᠩ ᠵᠢᠶᠠᠨ ᠫᠢᠩ᠂ ᠢᠳᠡᠭᠡᠨ ᠤ ᠲᠠᠰᠤᠭ᠂ ᠢᠳᠡᠭᠡᠨ ᠤᠮᠳᠠᠭᠠᠨ ᠤ ᠲᠠᠰᠤᠭ ᠤᠨ ᠬᠠᠷᠢᠭᠤᠴᠠᠯᠭᠠᠲᠠᠨ ᠵᠢᠴᠢ ᠡᠯ᠎ᠡ ᠬᠤᠲᠠ ᠶᠢᠨ ᠲᠠᠯᠠᠪᠤᠷ ᠤᠨ ᠳᠠᠷᠤᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠮᠢᠬᠠᠨ ᠤ ᠲᠥᠷᠥᠯ ᠤᠨ ᠦᠢᠯᠡᠳᠬᠦᠨ ᠨᠢ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠬᠡᠷᠡᠭᠴᠡᠭᠡᠨ ᠤ ᠬᠡᠮᠵᠢᠶ᠎ᠡ ᠶᠡᠭᠡ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠢᠬᠠᠨ ᠤ ᠲᠥᠷᠥᠯ ᠤᠨ ᠦᠢᠯᠡᠳᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠶᠢᠨ ᠭᠦᠨᠵᠡᠭᠡᠶ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰᠬᠠᠶ ᠴᠡᠭᠴᠡᠯᠡᠨ ᠵᠠᠰᠠᠬᠤ ᠡᠯ᠎ᠡ ᠵᠦᠢᠯ ᠤᠨ ᠡᠭᠦᠷᠭᠡ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠶ ᠣᠪᠣᠷ ᠂ ᠴᠢᠩᠭ᠎ᠠ ᠪᠣᠳᠠᠲᠠᠶ ᠠᠷᠭ᠎ᠠ ᠬᠡᠮᠵᠢᠶ᠎ᠡ ᠪᠠᠷ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠮᠢᠬᠠᠨ ᠤ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠪᠥᠬᠦ ᠬᠤᠰᠢᠭᠤᠨ ᠤ ᠠᠷᠠᠳ ᠣᠯᠠᠨ ᠤ ᠮᠢᠬᠠᠨ ᠤ ᠲᠥᠷᠥᠯ ᠤᠨ ᠬᠡᠷᠡᠭᠯᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡ ᠳᠤ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠤᠬᠠᠭᠤᠯᠤᠨ ᠪᠣᠯᠪᠠᠰᠤᠷᠠᠭᠤᠯᠬᠤ ᠪᠠᠷ ᠳᠠᠮᠵᠢᠭᠤᠯᠤᠨ᠂ ᠦᠢᠯᠡᠳᠪᠦᠷᠢᠯᠡᠵᠦ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠶᠢᠨ ᠬᠠᠤᠯᠢ ᠶᠢ ᠰᠠᠬᠢᠵᠤ ᠡᠵᠡᠩᠨᠡᠬᠦ᠂ ᠤᠯᠠᠭᠠᠨ ᠱᠤᠭᠤᠮ ᠢ ᠭᠢᠰᠬᠢᠬᠦ ᠦᠭᠡᠢ ᠪᠠᠶᠢᠬᠤ ᠬᠡᠷᠡᠭᠲᠡᠶ᠃ ᠬᠤᠶᠠᠷ ᠲᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠠᠳᠬᠤᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠡᠬᠡ ᠲᠠᠩᠰᠠ ᠶᠢ ᠪᠠᠶᠢᠭᠤᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ᠂ ᠮᠢᠬᠠᠨ ᠤ ᠲᠥᠷᠥᠯ ᠤᠨ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ ᠬᠠᠯᠠᠭᠤᠨ ᠲᠣᠭᠤᠭᠠᠨ ᠤ ᠳᠡᠯᠭᠡᠭᠦᠷ ᠵᠡᠷᠭᠡ ᠡᠯ᠎ᠡ ᠲᠥᠷᠥᠯ ᠤᠨ ᠲᠦᠭᠰᠢᠭᠦᠷᠢ ᠶᠢᠨ ᠴᠡᠭ ᠬᠦᠷᠲᠡᠯ᠎ᠡ ᠤᠷᠲᠤᠳᠬᠠᠬᠤ ᠬᠡᠷᠡᠭᠲᠡᠶ᠃ ᠭᠤᠷᠪᠠ ᠳᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠪᠠᠷᠠᠬᠤ ᠦᠭᠡᠢ ᠪᠠᠰᠠ ᠬᠠᠮᠵᠢᠯᠴᠠᠨ ᠬᠦᠴᠦᠯᠡᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠪᠦᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠳᠥᠷᠪᠡ ᠳᠤ ᠂ ᠬᠡᠷᠡᠭ ᠢ ᠪᠠᠶᠢᠴᠠᠭᠠᠨ  ᠰᠢᠢᠳᠪᠦᠷᠢᠯᠡᠬᠦ ᠪᠠᠨ ᠴᠢᠩᠭᠠᠳᠬᠠᠵᠤ᠂ ᠮᠢᠬᠠᠨ ᠤ  ᠵᠦᠢᠯ ᠤᠨ ᠦᠢᠯᠡᠳᠭᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠷᠬᠦ ᠪᠠᠨ ᠴᠢᠩᠳᠠᠯᠠᠵᠤ᠂ ᠬᠢᠨᠠᠯᠲᠠ ᠬᠠᠮᠢᠶᠠᠷᠤᠯᠲᠠ ᠨᠢ ᠦᠷ᠎ᠡ ᠪᠦᠲᠦᠮᠵᠢ ᠲᠠᠢ ᠪᠠᠶᠢᠬᠤ ᠬᠡᠷᠡᠭᠲᠡᠶ᠃ ᠬᠡᠮᠵᠢᠯᠲᠡ ᠶᠢᠨ ᠲᠠᠯ᠎ᠠ ᠪᠠᠷ ᠬᠢ ᠠᠰᠠᠭᠤᠳᠠᠯ ᠳᠤ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠢ ᠰᠠᠶᠢᠲᠤᠷ ᠬᠢᠵᠦ᠂ ᠵᠢᠩ ᠯᠠᠩ ᠳᠤᠲᠠᠭᠤ ᠳᠣᠷᠭᠤᠨ ᠵᠠᠷᠢᠮ ᠪᠡᠶᠡᠴᠢ ᠮᠠᠭᠤ ᠴᠢᠨᠠᠷᠲᠠᠢ ᠬᠡᠷᠡᠭ ᠢ ᠬᠠᠤᠯᠢ ᠲᠣᠭᠲᠠᠭᠠᠯ ᠶᠣᠰᠣᠭᠠᠷ᠂ ᠴᠢᠩᠭ᠎ᠠ ᠪᠥᠭᠡᠳ ᠲᠦᠷᠭᠡᠨ ᠢᠶᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠷᠡᠭᠦᠦ ᠰᠢᠢᠳᠭᠡᠯ ᠢ ᠵᠣᠯᠭᠠᠭᠤᠯᠬᠤ ᠪᠠᠨ ᠴᠢᠩᠭᠠᠳᠬᠠᠵᠤ᠂ ᠶᠠᠯ᠎ᠠ ᠪᠣᠯᠵᠤ ᠪᠦᠷᠢᠯᠳᠦᠭᠰᠡᠨ ᠢ ᠣᠯᠵᠤ ᠮᠡᠳᠡᠪᠡᠯ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠦᠴᠦᠷᠬᠡᠭ ᠶᠡᠭᠡ ᠰᠦᠷᠳᠡᠭᠦᠯᠬᠦ ᠦᠢᠯᠡᠳᠦᠯ ᠢ ᠪᠤᠢ ᠪᠣᠯᠭᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号