ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠄ ᠲᠡᠮᠦᠷ ᠵᠠᠮ ᠤᠨ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠵᠠᠮ ᠢ ᠬᠠᠶᠢᠷᠠᠯᠠᠵᠤ ᠠᠮᠤᠷ ᠲᠦᠪᠰᠢᠨ ᠢ ᠴᠣᠭᠴᠠᠯᠠᠨ᠎ᠠ
ᠨᠡᠶᠢᠲᠡᠯᠡᠭᠰᠡᠨ ᠴᠠᠭ᠄
2024/6/28
    ᠥᠷᠭᠡᠨ ᠣᠯᠠᠨ ᠪᠠᠭᠰᠢ ᠰᠤᠷᠤᠭᠴᠢᠳ ᠤᠨ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠦᠨᠡᠨᠬᠦ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠦᠨ᠂ ᠲᠡᠮᠦᠷ ᠵᠠᠮ ᠤᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠬᠠᠮᠠᠭᠠᠯᠠᠵᠤ᠂ ᠲᠡᠮᠦᠷ ᠵᠠᠮ ᠤᠨ ᠠᠮᠤᠷ ᠲᠦᠪᠰᠢᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠡᠭᠦᠳᠬᠦ ᠬᠡᠷᠡᠭᠲᠡᠶ᠃ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠦᠮᠡᠳ ᠵᠡᠭᠦᠨ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠪᠠ ᠲᠦᠮᠡᠳ ᠵᠡᠭᠦᠨ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ ᠬᠦᠷᠴᠦ ᠲᠡᠮᠦᠷ ᠵᠠᠮ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠬᠢᠴᠢᠶᠡᠯ ᠤᠨ ᠲᠠᠩᠬᠢᠮ ᠳᠤ᠂ ᠠᠵᠢᠯᠲᠠᠳ ᠥᠷᠭᠡᠨ ᠣᠯᠠᠨ ᠪᠠᠭᠰᠢ ᠰᠤᠷᠤᠭᠴᠢᠳ ᠲᠤ ᠲᠡᠮᠦᠷ ᠵᠠᠮ ᠤᠨ ᠠᠮᠤᠷ ᠲᠦᠪᠰᠢᠨ ᠤ ᠴᠢᠬᠤᠯᠠ ᠴᠢᠨᠠᠷ ᠵᠢᠴᠢ ᠲᠡᠮᠦᠷ ᠵᠠᠮ ᠤᠨ ᠡᠷᠬᠢᠨ ᠲᠣᠭᠤᠷᠢᠨ ᠳᠤ ᠠᠩᠬᠠᠷᠬᠤ ᠴᠢᠬᠤᠯᠠᠲᠠᠶ ᠵᠦᠢᠯ ᠢ ᠲᠠᠨᠢᠯᠴᠠᠭᠤᠯᠵᠤ᠂ ᠲᠡᠮᠦᠷ ᠵᠠᠮ ᠤᠨ ᠬᠠᠮᠠᠭᠠᠯᠠᠯᠲᠠ ᠶᠢᠨ ᠣᠷᠣᠨ ᠳᠤ ᠴᠠᠭᠠᠰᠤᠨ ᠰᠢᠪᠠᠭᠤ ᠲᠠᠯᠪᠢᠬᠤ ᠥᠬᠡᠶ᠂ ᠴᠤᠪᠤᠭ᠎ᠠ ᠲᠡᠷᠭᠡ ᠴᠣᠬᠢᠬᠤ ᠥᠬᠡᠶ᠂ ᠬᠠᠷᠰᠢ ᠰᠠᠭᠠᠳ ᠲᠠᠯᠪᠢᠬᠤ ᠥᠬᠡᠶ᠂ ᠲᠡᠮᠦᠷ ᠵᠠᠮ ᠳᠠᠭᠠᠤ ᠭᠠᠯ ᠨᠠᠭᠠᠳᠬᠤ ᠥᠬᠡᠶ ᠵᠡᠷᠭᠡ ᠶᠢ ᠰᠡᠷᠡᠮᠵᠢᠯᠡᠭᠦᠯᠵᠦ᠂ ᠠᠵᠢᠯᠲᠠᠳ ᠪᠠᠰᠠ ᠰᠤᠷᠭᠠᠭᠤᠯᠢ ᠶᠢᠨ ᠪᠠᠭᠰᠢ ᠰᠤᠷᠤᠭᠴᠢᠳ ᠲᠤ ᠲᠡᠮᠦᠷ ᠵᠠᠮ ᠤᠨ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ ᠡᠳ᠋ ᠪᠣᠳᠠᠰ ᠲᠠᠷᠬᠠᠭᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠠᠮ ᠢ ᠬᠠᠮᠠᠭᠠᠯᠠᠬᠤ ᠴᠢᠬᠤᠯᠠ ᠴᠢᠨᠠᠷ ᠢ ᠣᠶᠢᠯᠠᠭᠠᠭᠤᠯᠵᠤ᠂ ᠰᠤᠷᠤᠭᠴᠢᠳ ᠢ ᠡᠳᠦᠷ ᠲᠤᠲᠤᠮ ᠤᠨ ᠠᠮᠢᠳᠤᠷᠠᠯ ᠳᠤᠮᠳᠠ ᠲᠡᠮᠦᠷ ᠵᠠᠮ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠭᠤᠯᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠰᠠᠭᠠᠳ ᠥᠬᠡᠶ ᠨᠡᠪᠲᠡᠷᠡᠬᠦ ᠪᠠ ᠲᠣᠰ ᠪᠡᠶ᠎ᠡ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ     ᠰᠤᠷᠤᠭᠴᠢᠳ᠂ ᠬᠤᠶᠢᠰᠢᠳᠠ ᠲᠡᠮᠦᠷ ᠵᠠᠮ ᠤᠨ ᠲᠦᠷᠢᠮ ᠲᠣᠭᠲᠠᠭᠠᠯ ᠢ ᠵᠢᠷᠤᠮᠯᠠᠵᠤ᠂ ᠲᠡᠮᠦᠷ ᠵᠠᠮ ᠤᠨ ᠠᠮᠤᠷ ᠲᠦᠪᠰᠢᠨ ᠤ ᠲᠥᠬᠦᠭᠡᠷᠦᠮᠵᠢ ᠶᠢ ᠡᠪᠳᠡᠬᠦ ᠦᠭᠡᠢ᠂ ᠲᠡᠮᠦᠷ ᠵᠠᠮ ᠳᠡᠭᠡᠷ᠎ᠡ ᠨᠠᠭᠠᠳᠬᠤ ᠶᠢ ᠪᠤᠳᠤᠬᠤ ᠦᠭᠡᠢ ᠪᠠᠶᠢᠵᠤ᠂ ︽ᠵᠠᠮ ᠢ ᠬᠠᠶᠢᠷᠠᠯᠠᠵᠤ ᠵᠠᠮ ᠢ ᠬᠠᠮᠠᠭᠠᠯᠠᠬᠤ ᠪᠢᠴᠢᠬᠠᠨ ᠬᠠᠮᠠᠭᠠᠯᠠᠭᠴᠢ︾ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠡᠶ᠎ᠡ ᠵᠣᠬᠢᠴᠠᠯ ᠲᠠᠢ ᠠᠮᠤᠷ ᠠᠮᠤᠭᠤᠯᠠᠩ ᠲᠡᠮᠦᠷ ᠵᠠᠮ ᠢ ᠬᠠᠮᠲᠤ ᠪᠠᠷ ᠴᠣᠭᠴᠠᠯᠠᠨ᠎ᠠ ᠭᠡᠵᠦ ᠢᠯᠡᠳᠬᠡᠵᠡᠭᠡᠪᠡ᠃    ᠲᠣᠰ ᠤᠳᠠᠭᠠᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠪᠥᠬᠦ ᠪᠠᠭᠰᠢ ᠰᠤᠷᠤᠭᠴᠢᠳ ᠲᠤ ︽ᠵᠠᠮ ᠮᠡᠳᠡᠬᠦ᠂ ᠵᠠᠮ ᠬᠠᠶᠢᠷᠠᠯᠠᠬᠤ᠂ ᠵᠠᠮ ᠬᠠᠮᠠᠭᠠᠯᠠᠬᠤ︾ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠭᠰᠠᠨ ᠢᠶᠠᠷ ᠪᠠᠷᠠᠬᠤ ᠥᠬᠡᠶ᠂ ᠪᠠᠰᠠ ᠪᠠᠭᠰᠢ ᠰᠤᠷᠤᠭᠴᠢᠳ ᠤᠨ ᠲᠡᠮᠦᠷ ᠵᠠᠮ ᠤᠨ ᠠᠮᠤᠷ ᠲᠦᠪᠰᠢᠨ ᠤ ᠤᠬᠠᠮᠰᠠᠷ ᠢ ᠲᠦᠢᠯ ᠤᠨ ᠶᠡᠭᠡ ᠪᠠᠷ ᠴᠢᠩᠭᠠᠳᠬᠠᠵᠤ᠂ ︽ᠭᠠᠷ ᠭᠠᠷ ᠢᠶᠠᠨ ᠬᠤᠯᠪᠣᠯᠴᠠᠨ᠂ ᠭᠠᠷ ᠭᠠᠷ ᠢᠶᠠᠨ ᠬᠤᠯᠪᠣᠯᠴᠠᠬᠤ︾ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠵᠠᠮ ᠢ ᠬᠠᠶᠢᠷᠠᠯᠠᠵᠤ ᠵᠠᠮ ᠢ ᠬᠠᠮᠠᠭᠠᠯᠠᠬᠤ ᠮᠡᠳᠡᠯᠭᠡ ᠶᠢ ᠬᠡᠷ ᠪᠦᠯᠢ ᠳᠤ ᠦᠨᠡᠨ ᠬᠦ ᠣᠷᠣᠭᠤᠯᠵᠤ᠂ ᠴᠡᠭ ᠢᠶᠠᠷ ᠨᠡᠶᠢᠳᠡᠮ ᠢ ᠥᠷᠭᠡᠳᠬᠡᠬᠦ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号