ᠲᠠᠪᠤᠨᠰᠠᠶᠢᠨ ᠰᠢᠶᠠᠩ ᠪᠦᠬᠦ ᠰᠢᠶᠠᠩ ᠤᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠦᠵᠡᠭᠦᠯᠦᠯᠭᠡ ᠶᠢᠨ ᠴᠤᠭᠯᠠᠭᠠᠨ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/6/4
    ᠪᠦᠬᠦ ᠰᠢᠶᠠᠩ ᠤᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠤᠨ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠦᠵᠡᠭᠦᠯᠦᠯᠭᠡ ᠶᠢᠨ ᠬᠤᠷᠠᠯ ᠢᠶᠠᠷ ᠳᠠᠮᠵᠢᠭᠤᠯᠤᠨ ᠰᠣᠯᠢᠯᠴᠠᠬᠤ ᠶᠢᠨ ᠬᠠᠮᠲᠤ ᠪᠦᠬᠦ ᠰᠢᠶᠠᠩ ᠳᠤ ᠳᠡᠯᠭᠡᠷᠡᠭᠦᠯᠵᠦ᠂ ᠪᠦᠬᠦ ᠰᠢᠶᠠᠩ ᠳᠤ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠶᠢ ᠠᠬᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠥᠯᠥᠭᠡ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 2 ᠤᠨ ᠡᠳᠦᠷ᠂ ᠲᠠᠪᠤᠨᠰᠠᠶᠢᠨ ᠰᠢᠶᠠᠩ ᠪᠦᠬᠦ ᠰᠢᠶᠠᠩ ᠤᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠦᠵᠡᠭᠦᠯᠭᠡ ᠶᠢᠨ ᠬᠤᠷᠠᠯ ᠥᠷᠨᠢᠭᠦᠯᠵᠦ᠂ ᠰᠢᠶᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠢ ᠳᠠᠭᠠᠭᠠᠴᠢᠯᠠᠭᠰᠠᠨ ᠪᠦᠬᠦ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃    ᠨᠢᠭᠡ ᠡᠳᠦᠷ ᠤᠨ ᠬᠤᠭᠤᠴᠠᠭ᠎ᠠ ᠪᠠᠷ ᠪᠥᠬᠦ ᠰᠢᠶᠠᠩ ᠤᠨ 21 ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ᠦᠵᠡᠭᠦᠯᠦᠯᠭᠡ ᠶᠢᠨ ᠬᠤᠷᠠᠯ ᠳᠡᠭᠡᠷ᠎ᠡ ᠬᠠᠷᠢᠯᠴᠠᠨ ᠦᠵᠡᠵᠦ ᠬᠠᠷᠢᠯᠴᠠᠨ ᠰᠤᠷᠤᠯᠴᠠᠵᠤ ᠬᠠᠷᠢᠯᠴᠠᠨ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ ᠰᠢᠯᠵᠢᠭᠦᠯᠵᠦ᠂ ᠲᠤᠬᠠᠢ ᠶᠢᠨ ᠲᠠᠯᠠᠪᠤᠷ ᠲᠤ ᠠᠳᠠᠯᠢᠳᠬᠠᠵᠤ᠂ ᠲᠤᠬᠠᠢ ᠶᠢᠨ ᠲᠠᠯᠠᠪᠤᠷ ᠲᠤ ᠬᠤᠪᠢ ᠥᠭᠴᠦ᠂ ᠪᠣᠳᠠᠲᠠᠶ ᠬᠤᠪᠢ ᠲᠣᠭᠲᠠᠭᠠᠬᠤ ᠨᠠᠷᠢᠨ ᠲᠦᠷᠢᠮ ᠶᠣᠰᠣᠭᠠᠷ᠂ ᠬᠤᠷᠢᠶᠠᠩᠭᠤᠶᠢᠯᠠᠭᠰᠠᠨ ᠤ ᠳᠠᠷᠠᠭ᠎ᠠ ᠲᠡᠰ ᠳᠠᠷᠠᠭᠠᠯᠠᠨ ᠵᠢᠭᠰᠠᠭᠠᠵᠤ᠂ ᠨᠡᠷᠡᠰ ᠤᠨ ᠵᠢᠭᠰᠠᠭᠠᠯᠲᠠ ᠶᠢᠨ ᠡᠮᠦᠨ᠎ᠡ ᠭᠤᠷᠪᠠ ᠳᠤ ᠪᠠᠶᠢᠭ᠎ᠠ ᠲᠣᠰᠬᠤᠨ ᠢ ᠱᠠᠩᠨᠠᠨ ᠬᠥᠬᠢᠭᠦᠯᠵᠦ᠂ ᠨᠡᠷᠡᠰ ᠤᠨ ᠵᠢᠭᠰᠠᠭᠠᠯᠲᠠ ᠶᠢ ᠬᠤᠶᠢᠨ᠎ᠠ ᠨᠢ ᠲᠠᠯᠪᠢᠭᠰᠠᠨ ᠭᠤᠷᠪᠠᠨ ᠲᠣᠰᠬᠤᠨ ᠢ ᠲᠣᠰᠬᠤᠨ ᠤ ᠱᠦᠵᠢ ᠠᠴᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠦᠵᠡᠭᠦᠯᠦᠯᠭᠡ ᠶᠢᠨ ᠬᠤᠷᠠᠯ ᠳᠡᠭᠡᠷ᠎ᠡ᠂ ᠡᠯ᠎ᠡ ᠲᠣᠰᠬᠤᠨ ᠤ ᠱᠦᠵᠢ ᠲᠤᠰ ᠲᠣᠰᠬᠤᠨ ᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠭᠰᠠᠨ ᠪᠠᠶᠢᠳᠠᠯ ᠳᠤ ᠪᠦᠬᠦ ᠲᠠᠯ᠎ᠠ ᠶᠢᠨ ᠲᠠᠶᠢᠯᠤᠮᠵᠢ ᠬᠢᠪᠡ᠃ ᠣᠯᠠᠨ ᠲᠦᠮᠡᠨ ᠢ ᠬᠡᠷᠬᠢᠨ ᠳᠠᠶᠢᠴᠢᠯᠠᠵᠤ ᠪᠠᠶᠢᠭᠠᠳ ᠤᠬᠠᠭᠤᠯᠵᠤ ᠬᠥᠲᠥᠯᠥᠨ ᠵᠢᠯᠣᠭᠤᠳᠬᠤ ᠶᠢ ᠬᠡᠷᠬᠢᠨ ᠴᠢᠩᠭᠠᠳᠬᠠᠬᠤ᠂ ᠴᠡᠭᠴᠡᠯᠡᠨ ᠵᠠᠰᠠᠬᠤ ᠲᠥᠯᠥᠪᠵᠢᠭᠦᠯᠭᠡ ᠶᠢ ᠬᠡᠷᠬᠢᠨ ᠰᠠᠶᠢᠲᠤᠷ ᠬᠢᠬᠦ᠂ ᠴᠡᠭᠴᠡᠯᠡᠨ ᠵᠠᠰᠠᠬᠤ ᠠᠵᠢᠯᠯᠠᠭ᠎ᠠ ᠶᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ᠂ ᠣᠶᠢᠷ᠎ᠠ ᠶᠢᠨ ᠱᠠᠲᠤ ᠦᠶ᠎ᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠠᠳ ᠣᠯᠤᠭᠰᠠᠨ ᠦᠷ᠎ᠡ ᠪᠦᠲᠦᠮᠵᠢ ᠵᠢᠴᠢ ᠲᠣᠰ ᠲᠣᠰᠬᠤᠨ ᠳᠤ ᠳᠣᠭᠢᠷᠠᠭᠰᠠᠨ᠂ ᠠᠵᠢᠯᠯᠠᠭᠤᠯᠬᠤ ᠴᠢᠨᠠᠷ ᠢᠶᠠᠷ ᠴᠢᠩᠭ᠎ᠠ᠂ ᠪᠣᠳᠠᠲᠤ ᠪᠠᠶᠢᠳᠠᠯ ᠳᠤ ᠨᠡᠶᠢᠴᠡᠭᠰᠡᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠡᠷᠬᠢᠨ ᠪᠠᠶᠢᠭᠤᠯᠬᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠵᠡᠷᠭᠡ ᠲᠠᠯ᠎ᠠ ᠪᠠᠷ ᠲᠤᠬᠠᠶ ᠶᠢᠨ ᠲᠠᠯᠠᠪᠤᠷ ᠤᠨ ᠲᠠᠶᠢᠯᠤᠮᠵᠢ ᠬᠢᠬᠦ ᠶᠢ ᠦᠨᠡᠨ ᠬᠦ ᠪᠠᠲᠤᠯᠠᠪᠠ᠃    ᠳᠠᠷᠠᠭᠠᠴᠢ ᠶᠢᠨ ᠠᠯᠬᠤᠮ ᠳᠤ᠂ ᠲᠠᠪᠤᠨᠰᠠᠶᠢᠨ ᠰᠢᠶᠠᠩ ᠦᠷᠭᠦᠯᠵᠢᠯᠡᠨ ᠡᠷᠴᠢ ᠵᠣᠷᠢᠭ ᠢᠶᠠᠨ ᠬᠥᠪᠴᠢᠯᠡᠵᠦ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ᠂ ᠨᠢᠭᠡ ᠭᠠᠵᠠᠷ ᠲᠤ ᠪᠤᠶᠠᠨ ᠦᠢᠯᠡᠳᠬᠦ ᠡᠭᠦᠷᠭᠡᠲᠦ ᠰᠡᠳᠬᠢᠯᠭᠡ ᠪᠠᠷ ᠦᠷᠭᠦᠯᠵᠢᠯᠡᠨ ᠪᠦᠬᠦ ᠰᠢᠶᠠᠩ ᠤᠨ ᠺᠠᠳ᠋ᠷ ᠤᠯᠠᠨ ᠲᠦᠮᠡᠨ ᠢ ᠳᠠᠭᠠᠭᠤᠯᠤᠨ ᠬᠥᠳᠡᠯᠦᠯᠴᠡᠵᠦ᠂ ᠠᠵᠢᠯᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠰᠤᠯᠠᠷᠠᠭᠤᠯᠤᠯ ᠦᠭᠡᠢ ᠬᠢᠬᠦ ᠶᠢ ᠪᠠᠲᠤᠯᠠᠵᠤ᠂ ᠲᠠᠪᠤᠨᠰᠠᠶᠢᠨ ᠰᠢᠶᠠᠩ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠵᠢᠰᠦ ᠴᠢᠷᠠᠢ︾ ᠶᠢ ᠲᠠᠬᠢᠨ ᠳᠡᠭᠡᠭᠰᠢᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠲᠠᠪᠤᠨᠰᠠᠶᠢᠨ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号