ᠰᠢ ᠶᠢᠨ ᠫᠢᠩ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠤᠢ ᠳᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/6/4
     ᠰᠢ ᠶᠢᠨ ᠫᠢᠩ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠤᠢ ᠳᠤ ᠵᠠᠬᠢᠳᠠᠯ ᠢᠯᠡᠭᠡᠵᠦ ᠪᠠᠶᠠᠷ ᠬᠦᠷᠭᠡᠬᠦ ᠳᠡᠭᠡᠨ ᠴᠢᠬᠤᠯᠠᠴᠢᠯᠠᠭᠰᠠᠨ ᠨᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠤ ᠦᠢᠯᠡᠳᠦᠯ ᠢ ᠪᠠᠳᠠᠷᠠᠭᠤᠯᠵᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃     ᠳ᠋ᠢᠩ ᠰᠢᠤᠸᠠᠢ ᠰᠢᠶᠠᠩ ᠠᠺᠠᠳᠧᠮᠢᠴᠢ ᠶᠢᠨ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠣᠶ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠠᠯᠠᠭᠤᠨ ᠪᠠᠶᠠᠷ ᠬᠦᠷᠭᠡᠵᠦ᠂ ᠪᠦᠭᠦ ᠬᠦᠷᠢᠶᠡᠯᠡᠩ ᠤᠨ ᠠᠺᠠᠳᠧᠮᠢᠴᠢ ᠪᠣᠯᠣᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠭᠡᠨ ᠣᠯᠠᠨ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃    ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 30 ᠵᠢᠯ ᠤᠨ ᠲᠤᠷᠰᠢ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠠᠺᠠᠳᠧᠮᠢᠴᠢ ᠪᠣᠯᠣᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠭᠡᠨ ᠣᠯᠠᠨ ᠠᠵᠢᠯᠲᠠᠨ ᠢ ᠪᠦᠯᠬᠦᠮᠳᠡᠭᠦᠯᠦᠨ ᠨᠢᠭᠲᠠᠷᠠᠭᠤᠯᠵᠤ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠷᠬᠡ ᠪᠣᠭᠤᠮᠲᠠ ᠶᠢ ᠲᠠᠰᠤᠷᠠᠯᠲᠠ ᠦᠭᠡᠢ ᠰᠢᠪᠲᠤᠯᠵᠤ᠂ ᠲᠣᠮᠣ ᠤᠯᠤᠰ ᠤᠨ ᠢᠨᠵᠧᠨᠧᠷᠢᠩ ᠢ ᠪᠦᠲᠦᠭᠡᠨ ᠪᠠᠶᠢᠭᠤᠯᠵᠤ᠂ ᠤᠯᠤᠰ ᠤᠨ ᠰᠣᠳᠣᠨ ᠲᠣᠨᠣᠭᠯᠠᠯ ᠢ ᠡᠭᠦᠳᠴᠦ᠂ ᠮᠠᠨ ᠤ ᠤᠯᠤᠰ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠳᠠᠪᠰᠢᠬᠤ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠮᠥᠨ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠰᠢᠨ᠎ᠡ ᠭᠠᠷᠤᠭ᠎ᠠ ᠳᠡᠭᠡᠷ᠎ᠡ  ᠠᠴᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠵᠦ᠂ ᠤᠯᠤᠰ ᠤᠨ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠡᠭᠦᠷᠭᠡ ᠴᠢᠳᠠᠪᠬᠢ ᠶᠢ ᠴᠢᠩᠭᠠᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    3 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠡᠭᠡᠵᠢᠩ ᠳᠤ ︽ᠢᠨᠵᠧᠨᠧᠷᠢᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠠᠺᠠᠳᠧᠮᠢᠴᠢ ᠶᠢᠨ ᠶᠠᠷᠢᠯᠴᠠᠬᠤ ᠬᠤᠷᠠᠯ ᠬᠢᠪᠡ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ᠂   ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠶᠠᠷᠢᠶ᠎ᠠ ᠲᠠᠯᠪᠢᠪᠠ᠃     ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠲᠤᠷᠰᠢ᠂ ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠲᠡᠷᠢᠭᠦᠨ ᠵᠡᠷᠭᠡ ᠶᠢᠨ  ᠰᠢᠨ᠎ᠡ ᠶᠢ ᠡᠭᠦᠳᠬᠦ ᠴᠢᠳᠠᠪᠤᠷᠢᠲᠠᠨ ᠢ ᠴᠤᠭᠯᠠᠭᠤᠯᠵᠤ᠂ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠡᠭᠦᠳᠴᠦ᠂ ᠲᠡᠷᠢᠭᠦᠨ ᠵᠡᠷᠭᠡ ᠶᠢᠨ  ᠵᠥᠪᠯᠡᠯᠭᠡ ᠥᠭᠬᠦ ᠰᠠᠨᠠᠭᠤᠯᠭ᠎ᠠ ᠶᠢ ᠡᠷᠭᠦᠨ ᠳᠡᠪᠰᠢᠭᠦᠯᠵᠦ᠂ ᠲᠡᠷᠢᠭᠦᠨ ᠵᠡᠷᠭᠡ ᠶᠢᠨ  ᠡᠷᠳᠡᠮ ᠰᠢᠨᠵᠢᠯᠡᠭᠡᠨ ᠤ ᠲᠠᠪᠴᠠᠩ ᠢ ᠪᠠᠶᠢᠭᠤᠯᠵᠤ᠂ ᠤᠯᠤᠰ ᠤᠨ ᠬᠥᠭᠵᠢᠯᠲᠡ ᠲᠠᠪᠰᠢᠯᠳᠠ ᠳᠤᠮᠳᠠ ᠴᠢᠬᠤᠯᠠ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃     ᠳ᠋ᠢᠩ ᠰᠢᠤᠸᠠᠢ ᠰᠢᠶᠠᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠬᠦᠷᠢᠶᠡᠯᠡᠩ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠢᠷᠠᠭᠤ ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢᠨ ᠲᠥᠯᠥᠭᠡ ᠲᠡᠮᠡᠴᠡᠬᠦ ᠠᠬᠢᠴᠠ ᠳᠤᠮᠳᠠ ᠳᠠᠭᠠᠭᠤᠯᠤᠭᠴᠢ ᠪᠤᠯᠬᠤ ᠪᠠᠷ ᠴᠢᠷᠮᠠᠶᠢᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠤ ᠳᠠᠭᠠᠭᠤᠯᠤᠭᠴᠢ ᠪᠣᠯᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠰᠢᠭᠲᠠᠢ ᠪᠠᠶᠢᠷᠢ ᠶᠢ ᠴᠢᠷᠮᠠᠶᠢᠨ ᠡᠵᠡᠯᠡᠬᠦ ᠬᠡᠷᠡᠭᠲᠡᠢ᠃ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠪᠣᠯᠵᠤ᠂ ᠴᠢᠬᠤᠯᠠ ᠶᠡᠭᠡ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠪᠡᠶᠡᠯᠡᠭᠦᠯᠬᠦ ᠳᠠᠭᠠᠭᠤᠯᠤᠭᠴᠢ ᠪᠣᠯᠵᠤ᠂ ᠤᠯᠤᠰ ᠤᠨ ᠪᠠᠴᠢᠮ ᠬᠡᠷᠡᠭᠴᠡᠭᠡ ᠪᠣᠯᠣᠨ ᠠᠯᠤᠰ ᠭᠡᠳᠤ ᠶᠢᠨ ᠬᠡᠷᠡᠭᠴᠡᠭᠡ ᠠᠴᠠ ᠡᠭᠦᠰᠴᠦ᠂︽ᠪᠣᠭᠤᠮᠢ ᠪᠣᠯᠵᠤ ᠪᠠᠶᠢᠭ᠎ᠠ︾ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠴᠢᠬᠤᠯᠠ ᠬᠦᠷᠢᠶᠡᠨ ᠳᠤ ᠨᠡᠩ ᠤᠯᠠᠨ ᠪᠦᠲᠦᠭᠡᠯᠴᠢ ᠴᠢᠨᠠᠷᠲᠠᠢ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢᠨ ᠳᠠᠭᠠᠭᠤᠯᠤᠭᠴᠢ ᠪᠣᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠢᠭᠯᠡᠯᠲᠦ ᠴᠢᠨᠠᠷᠲᠠᠢ ᠪᠦᠭᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠪᠠᠷᠠᠯᠠᠯᠳᠤ ᠴᠢᠨᠠᠷᠲᠠᠢ᠂ ᠬᠠᠨᠳᠤᠯᠭᠠᠲᠤ ᠴᠢᠨᠠᠷᠲᠠᠢ᠂ ᠨᠥᠭᠡᠴᠡ ᠶᠢᠨ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠨᠠᠮ ᠪᠠ ᠤᠯᠤᠰ ᠤᠨ ᠰᠢᠢᠳᠪᠦᠷᠢᠲᠦ ᠪᠣᠳᠣᠯᠭ᠎ᠠ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠳ᠋ᠢᠩ ᠰᠢᠤᠸᠠᠢ ᠰᠢᠶᠠᠩ ᠢᠨᠵᠧᠨᠧᠷᠢᠩ ᠤᠨ ᠬᠦᠷᠢᠶᠡᠯᠡᠩ ᠤᠨ ᠥᠷᠭᠡᠨ ᠤᠯᠠᠨ ᠠᠺᠠᠳᠧᠮᠢᠴᠢ ᠲᠦᠷᠦᠭᠦᠯᠡᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠥᠮᠥᠨ ᠤ ᠠᠮᠢᠳᠤᠷᠠᠯ ᠤᠨ ᠬᠦᠰᠡᠯᠡᠩ ᠢᠶᠠᠨ ᠤᠯᠤᠰ ᠪᠣᠯᠣᠨ ᠦᠨᠳᠦᠰᠦᠲᠡᠨ ᠤ ᠠᠵᠢᠯ ᠦᠢᠯᠡᠰ ᠲᠤ ᠠᠭᠤᠰᠤᠯᠴᠠᠭᠤᠯᠵᠤ᠂ ᠤᠯᠤᠰ ᠢᠶᠠᠨ ᠬᠠᠶᠢᠷᠠᠯᠠᠬᠤ ᠰᠡᠳᠬᠢᠯ ᠢ ᠡᠪᠦᠷᠯᠡᠵᠦ᠂ ᠤᠯᠤᠰ ᠲᠠᠭᠠᠨ ᠵᠢᠳᠬᠦᠬᠦ ᠡᠷᠴᠢ ᠵᠣᠷᠢᠭ ᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠤᠷᠭᠢᠯ ᠳᠤ ᠵᠣᠷᠢᠭᠲᠠᠢ ᠠᠪᠠᠷᠢᠵᠤ᠂ ᠨᠠᠮ ᠪᠣᠯᠣᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠪᠡ᠃     ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠠᠷᠢᠭᠤᠴᠠᠯᠭᠠᠲᠠᠨ ᠪᠣᠯᠣᠨ ᠠᠺᠠᠳᠧᠮᠢᠴᠢ ᠶᠢᠨ ᠲᠥᠯᠥᠭᠡᠯᠡᠭᠴᠢ ᠦᠭᠡ ᠬᠡᠯᠡᠪᠡ᠃     ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ 1994 ᠣᠨ ᠤ 6 ᠰᠠᠷ᠎ᠠ ᠶᠢᠨ 3 ᠤ ᠡᠳᠦᠷ ᠪᠠᠶᠢᠭᠤᠯᠤᠭᠳᠠᠪᠠ᠃ 30 ᠵᠢᠯ ᠤᠨ ᠲᠤᠷᠰᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠳᠤᠮᠳᠠᠳᠤ ᠤᠯᠤᠰ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠬᠠᠮᠤᠭ ᠤᠨ ᠳᠡᠭᠡᠳᠦ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦ ᠪᠠᠨ ᠲᠥᠪᠯᠡᠷᠡᠭᠦᠯᠵᠦ᠂ ᠳᠠᠭᠠᠭᠤᠯᠤᠭᠴᠢ ᠴᠢᠳᠠᠪᠤᠷᠢᠲᠠᠨ ᠢ ᠴᠤᠭᠯᠠᠭᠤᠯᠵᠤ᠂ ᠳᠡᠭᠡᠳᠦ ᠲᠠᠰ ᠤᠨ ᠣᠶᠤᠨ ᠤ ᠬᠥᠮᠥᠷᠭᠡ ᠶᠢ ᠪᠠᠶᠢᠭᠤᠯᠵᠤ᠂ ᠡᠷᠳᠡᠮ ᠰᠢᠨᠵᠢᠯᠡᠭᠡᠨ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ ᠢ ᠡᠭᠦᠳᠪᠡ    ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 3 ᠤ ᠴᠠᠭᠢᠯᠭᠠᠨ ᠮᠡᠳᠡᠭᠡ︶  
 
ᠢᠷᠡᠯᠲᠡ᠄ ᠳ᠋ᠢᠩ ᠰᠢᠤᠸᠠᠢ ᠰᠢᠶᠠᠩ ᠠᠺᠠᠳᠧᠮᠢᠴᠢ ᠶᠢᠨ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号