ᠰᠢ ᠶᠢᠨ ᠫᠢᠩ ᠠᠶᠢᠰᠯᠠᠨᠳ᠋ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠤᠮᠠᠰᠳᠤᠲ᠋ᠢᠯ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2024/6/5
     6 ᠰᠠᠷ᠎ᠠ ᠶᠢᠨ 4 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳ᠋ᠷᠠ·ᠲᠤᠮᠠᠰᠳᠤᠲ᠋ᠢᠯ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠠᠶᠢᠰᠯᠠᠨᠳ᠋ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃     ᠰᠢ ᠶᠢᠨ ᠫᠢᠩ᠂ ᠣᠶᠢᠷ᠎ᠠ ᠶᠢᠨ ᠵᠢᠯ ᠠᠴᠠ᠂ ᠳᠤᠮᠳᠠᠳᠤ ᠠᠶᠢᠰᠯᠠᠨᠳ᠋ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠬᠤᠶᠠᠷ ᠲᠠᠯ᠎ᠠ ᠶᠢᠨ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠭᠠᠵᠠᠷ ᠤᠨ ᠢᠯᠴᠢ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠯᠠᠪᠳᠠᠭᠤᠨ ᠢᠶᠠᠷ ᠠᠬᠢᠵᠤ᠂ ᠲᠠᠰᠤᠷᠠᠯᠳᠠ ᠦᠭᠡᠢ ᠰᠢᠨ᠎ᠡ ᠦᠷ᠎ᠡ ᠪᠦᠲᠦᠭᠡᠯ ᠣᠯᠪᠠ᠃ ᠪᠢ ᠳᠤᠮᠳᠠᠳᠤ ᠠᠶᠢᠰᠯᠠᠨᠳ᠋ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠤᠮᠠᠰᠳᠤᠲ᠋ᠢᠯ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠠᠶᠢᠰᠯᠠᠨᠳ᠋ ᠤᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 4 ᠤ ᠴᠠᠭᠢᠯᠭᠠᠨ ᠮᠡᠳᠡᠭᠡ︶ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号