ᠲᠦᠮᠡᠳ ᠵᠡᠭᠦᠨ ᠬᠤᠰᠢᠭᠤᠨ ᠤ ᠱᠠᠩᠳᠠ ᠪᠠᠯᠭᠠᠰᠤ ︽ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠵᠤ ᠬᠡᠪ ᠵᠠᠩᠰᠢᠯ ᠢ ᠥᠭᠡᠷᠡᠴᠢᠯᠡᠬᠦ︾ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/6
    ᠪᠥᠬᠦ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠯᠪᠠᠰᠤᠨ ᠨᠤᠲᠤᠭ ᠤᠨ ᠵᠠᠩᠰᠢᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 4 ᠤ ᠡᠳᠦᠷ᠂ ᠱᠠᠩᠳᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠱᠠᠩᠳᠠ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ ᠰᠣᠶᠣᠯ ᠤᠨ ᠠᠭᠤᠳᠠᠮ ᠲᠠᠯᠠᠪᠠᠶ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠪᠠᠬᠢᠵᠢᠬᠦᠯᠬᠦ - ᠬᠡᠪ ᠵᠠᠩᠰᠢᠯ ᠢ ᠥᠭᠡᠷᠡᠴᠢᠯᠡᠵᠦ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ ᠶᠢ ᠰᠠᠨᠠᠭᠠᠴᠢᠯᠠᠬᠤ︾ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠠᠶᠢᠭᠤᠯᠬᠤ᠂ ᠬᠡᠪ ᠵᠠᠩᠰᠢᠯ ᠢ ᠥᠭᠡᠷᠡᠴᠢᠯᠡᠬᠦ ︽ᠠᠷᠪᠠ ᠶᠢ ᠡᠰᠡᠷᠭᠦᠴᠡᠨ ᠬᠤᠷᠢᠭᠯᠠᠬᠤ᠂ ᠠᠷᠪᠠ ᠶᠢ ᠰᠠᠨᠠᠭᠠᠴᠢᠯᠠᠬᠤ︾ ᠵᠢᠴᠢ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠠᠭᠤᠯᠭ᠎ᠠ ᠶᠢᠨ ᠤᠬᠠᠭᠤᠯᠭ᠎ᠠ ᠶᠢᠨ ᠰᠠᠮᠪᠠᠷ᠎ᠠ ᠪᠣᠯᠣᠨ ᠤᠬᠠᠭᠤᠯᠭ᠎ᠠ ᠶᠢᠨ ᠳᠡᠪᠲᠡᠷ ᠢ ᠲᠣᠬᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠣᠭᠯᠠᠯᠲᠠ ᠶᠢᠨ ᠠᠩᠭᠢ ᠶᠢ ᠵᠣᠬᠢᠶᠠᠨ ᠪᠠᠶᠢᠭᠤᠯᠵᠤ ᠭᠤᠶᠢᠳᠠ ᠰᠠᠶᠢᠬᠠᠨ ᠲᠣᠭᠯᠠᠯᠲᠠ ᠭᠠᠷᠭᠠᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠱᠠᠩᠳᠠ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠢ ᠥᠷᠨᠢᠭᠦᠯᠦᠨ᠎ᠡ᠃ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ᠂ ᠤᠬᠠᠭᠤᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠣᠯᠠᠨ ᠲᠦᠮᠡᠨ ᠳᠤ ᠤᠯᠠᠮ ᠨᠢᠭᠡ ᠠᠯᠬᠤᠮ ᠲᠦᠰᠢᠭᠯᠡᠬᠦ ᠪᠠ ᠳᠠᠶᠢᠴᠢᠯᠠᠵᠤ᠂ ᠨᠠᠩ ᠣᠯᠠᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠬᠥᠳᠡᠭᠡ ᠲᠣᠰᠬᠤᠨ ᠤ ᠭᠠᠵᠠᠷ ᠣᠷᠣᠨ ᠤ ᠬᠡᠪ ᠵᠠᠩᠰᠢᠯ ᠢ ᠥᠭᠡᠷᠡᠴᠢᠯᠡᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ ᠂ ᠲᠠᠷᠢᠶᠠᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠪᠣᠯᠪᠠᠰᠤᠨ ᠨᠤᠲᠤᠭ ᠤᠨ ᠰᠤᠷᠲᠠᠯ ᠤᠨ ᠪᠠᠶᠢᠭᠤᠯᠤᠯᠲᠠ ᠶᠢᠨ ᠨᠠᠩ ᠢᠯᠡᠷᠬᠡᠶ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠱᠠᠩᠳᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号