ᠲᠠᠶᠢᠭ᠎ᠠ ᠮᠣᠳᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠬᠠᠤᠯᠢ ᠪᠤᠰᠤ ᠪᠠᠷ ᠴᠢᠳᠬᠤᠬᠤ ᠠᠵᠢᠯᠯᠠᠭ᠎ᠠ ᠳᠤ ᠰᠥᠨᠢ ᠪᠠᠷ  ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/6/7
    ᠬᠠᠷᠢᠶᠠᠲᠤ ᠣᠷᠣᠨ ᠤ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠ ᠰᠢᠢᠳᠪᠦᠷᠢᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠲᠥᠯᠥᠭᠡ᠂ ᠴᠡᠪᠡᠷ ᠲᠡᠭᠰᠢ ᠡᠮᠬᠢ ᠵᠢᠷᠤᠮ ᠲᠠᠢ ᠪᠠᠯᠭᠠᠰᠤᠨ ᠤ ᠣᠷᠴᠢᠨ ᠲᠣᠭᠤᠷᠢᠨ ᠢ ᠦᠨᠡᠨᠬᠦ ᠬᠠᠮᠠᠭᠠᠯᠠᠨ᠎ᠠ᠃ ᠲᠠᠶᠢᠭ᠎ᠠ ᠮᠣᠳᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠂ ᠬᠠᠤᠯᠢ ᠬᠡᠷᠡᠭᠵᠢᠭᠦᠯᠬᠦ ᠬᠦᠴᠦᠨ ᠢ ᠵᠦᠶ ᠵᠣᠬᠢᠰᠲᠠᠶ ᠳᠣᠭᠢᠷᠠᠭᠤᠯᠤᠨ᠂ ᠰᠥᠨᠢ ᠪᠠᠷ ᠲᠣᠭᠤᠷᠢᠨ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃    ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠳᠤ ︽ᠲᠣᠭᠲᠠᠭᠰᠠᠨ ᠴᠡᠭ ᠲᠤ ᠪᠠᠶᠢᠴᠠᠭᠠᠯᠲᠠ ᠬᠢᠵᠦ ᠲᠠᠰᠢᠷᠠᠮ ᠢᠶᠠᠷ ᠲᠣᠭᠤᠷᠢᠨ ᠪᠠᠶᠢᠴᠠᠭᠠᠬᠤ︾ ᠵᠠᠭᠪᠤᠷ ᠢ ᠠᠪᠴᠤ᠂ ᠭᠤᠤᠯᠳᠠᠯᠭ᠎ᠠ ᠲᠠᠢ ᠣᠷᠣᠵᠤ ᠭᠠᠷᠬᠤ ᠡᠭᠦᠳᠡ᠂ ᠭᠤᠤᠯᠳᠠᠯᠭ᠎ᠠ ᠲᠠᠢ ᠵᠠᠮ ᠤᠨ ᠬᠡᠰᠡᠭ ᠵᠢᠴᠢ ᠬᠤᠯᠠᠭᠤᠨ ᠲᠣᠩᠭᠤᠷᠠᠭᠤᠯᠵᠤ ᠳᠤᠷ᠎ᠠ ᠪᠠᠷ ᠬᠠᠶᠠᠬᠤ ᠣᠷᠣᠨ ᠪᠦᠰᠡ ᠳᠤ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠵᠦ᠂ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠬᠠᠤᠯᠢ ᠪᠤᠰᠤ ᠪᠠᠷ ᠴᠢᠳᠬᠤᠬᠤ ᠦᠢᠯᠡ ᠠᠵᠢᠯᠯᠠᠭ᠎ᠠ ᠶᠢ ᠪᠦᠲᠦᠮᠵᠢᠲᠡᠶ ᠬᠠᠮᠢᠶᠠᠷᠤᠨ ᠡᠵᠡᠮᠳᠡᠬᠦ ᠶᠢ ᠦᠨᠡᠨᠬᠦ ᠪᠠᠲᠤᠯᠠᠪᠠ᠃    ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠥᠨᠢ ᠪᠠᠷ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠩᠭ᠎ᠠ ᠴᠣᠬᠢᠯᠲᠠ ᠥᠭᠬᠦ ᠪᠠ ᠰᠦᠷᠳᠡᠭᠦᠯᠬᠦ ᠦᠶ᠋ᠯᠡᠳᠦᠯ ᠢ ᠪᠣᠶ ᠪᠣᠯᠭᠠᠬᠤ ᠶᠢᠨ ᠬᠠᠮᠲᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠭᠤᠭᠠᠯᠢ ᠠᠷᠠᠳ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠬᠢᠭᠡᠳ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠪᠠᠯᠭᠠᠰᠤᠨ ᠤ ᠬᠡᠪᠴᠢᠶᠡᠨ ᠤ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠨ᠎ᠠ᠃
 
ᠢᠷᠡᠯᠲᠡ᠄ ᠲᠠᠶᠢᠭ᠎ᠠ ᠮᠣᠳᠤ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号