ᠪᠠᠢ ᠮᠢᠶᠣᠣ ᠽᠢ ᠪᠠᠯᠭᠠᠰᠤ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠷᠠᠭᠠᠨ ᠳᠠᠪᠲᠠᠮᠵᠢ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
    ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠠᠵᠢᠯᠲᠠᠨ ᠤ ᠬᠠᠤᠯᠢ ᠪᠠᠷ ᠵᠠᠰᠠᠬᠤ ᠰᠡᠳᠬᠢᠬᠦᠶ ᠪᠠᠷ ᠠᠵᠢᠯ ᠢᠶᠠᠨ ᠥᠷᠨᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ 6 ᠰᠠᠷ᠎ᠠ ᠶᠢᠨ 28 ᠤ ᠡᠳᠦᠷ᠂ ᠪᠠᠶ ᠮᠢᠶᠣᠣ ᠽᠢ ᠪᠠᠯᠭᠠᠰᠤ  ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠷᠠᠭᠠᠨ ᠳᠠᠪᠲᠠᠮᠵᠢ ᠶᠢᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠭᠤᠯᠵᠤ᠂ ᠰᠦᠯᠵᠢᠶᠡᠨ ᠤ ᠠᠵᠢᠯᠲᠠᠨ ᠬᠤᠷᠠᠯ ᠳᠤ ᠣᠷᠣᠯᠴᠠᠵᠠᠶ᠃    ᠲᠣᠰ ᠤᠳᠠᠭᠠᠨ ᠤ ᠪᠣᠯᠪᠠᠰᠤᠷᠠᠭᠤᠯᠤᠯ ᠨᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠡᠶᠡᠳᠡᠭᠦᠯᠭᠡ ᠶᠢᠨ ᠬᠠᠤᠯᠢ︾᠂ ᠠᠷᠠᠳ ᠤᠨ ᠡᠶᠡᠳᠡᠭᠦᠯᠭᠡ ᠶᠢᠨ ᠤᠬᠠᠭᠳᠠᠬᠤᠨ᠂ ᠠᠷᠠᠳ ᠤᠨ ᠡᠶᠡᠳᠡᠭᠦᠯᠬᠦ ᠠᠵᠢᠯᠯᠠᠭ᠎ᠠ ᠶᠢᠨ ᠠᠭᠤᠯᠭ᠎ᠠ᠂ ᠠᠷᠠᠳ ᠤᠨ ᠡᠶᠡᠳᠡᠭᠦᠯᠦᠭᠴᠢ ᠶᠢᠨ ᠡᠶᠡᠳᠡᠭᠦᠯᠬᠦ ᠶᠠᠪᠤᠴᠠ ᠳᠠᠬᠢ ᠦᠢᠯᠡ ᠠᠵᠢᠯᠯᠠᠭ᠎ᠠ ᠶᠢᠨ ᠵᠢᠷᠤᠮᠵᠢᠯ ᠵᠢᠴᠢ ᠡᠶᠡᠳᠡᠭᠦᠯᠬᠦ ᠠᠷᠭ᠎ᠠ ᠵᠢᠴᠢ ᠡᠶᠡᠳᠡᠭᠦᠯᠬᠦ ᠤᠷ᠎ᠠ ᠮᠡᠷᠭᠡᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠲᠠᠶᠢᠯᠤᠮᠵᠢ ᠬᠢᠵᠦ᠂ ᠡᠯ᠎ᠡ ᠰᠦᠯᠵᠢᠶᠡᠨ ᠤ ᠠᠵᠢᠯᠲᠠᠨ ᠡᠶᠡᠳᠡᠭᠦᠯᠬᠦ ᠠᠵᠢᠯ ᠤᠨ ᠳᠤᠮᠳᠠ ᠠᠵᠢᠯ ᠤᠨ ᠠᠷᠭ᠎ᠠ ᠮᠠᠶ᠋ᠢᠭ ᠢ ᠴᠢᠬᠤᠯᠠᠴᠢᠯᠠᠨ᠂ ᠬᠦᠯᠢᠴᠡᠩᠭᠦᠶ ᠪᠠᠷ ᠬᠥᠲᠥᠯᠥᠨ ᠵᠢᠯᠣᠭᠤᠳᠴᠤ᠂ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠲᠠᠢ ᠤᠶᠠᠯᠳᠤᠭᠤᠯᠤᠨ ᠲᠤᠬᠠᠶ ᠶᠢᠨ ᠬᠥᠮᠦᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠮᠠᠭᠤᠳᠠᠭᠤᠯᠵᠤ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠠᠴᠠ ᠳᠠᠪᠠᠭ᠋ᠤ ᠥᠬᠡᠶ ᠪᠠᠶᠢᠳᠠᠯ ᠤᠨ ᠳᠣᠤᠷ᠎ᠠ᠂ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠶᠢ ᠰᠠᠨᠠᠭᠤᠯᠪᠠ᠃    ᠲᠣᠰ ᠤᠳᠠᠭᠠᠨ ᠤ ᠪᠣᠯᠪᠠᠰᠤᠷᠠᠭᠤᠯᠤᠯ ᠨᠢ ᠰᠦᠯᠵᠢᠶᠡᠨ ᠤ ᠠᠵᠢᠯᠲᠠᠨ ᠤ ᠡᠶᠡᠳᠡᠭᠦᠯᠬᠦ ᠠᠵᠢᠯ ᠤᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠠᠷᠠᠳ ᠤᠨ ᠡᠶᠡᠳᠡᠭᠦᠯᠬᠦ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢ ᠨᠡᠮᠡᠭᠳᠡᠭᠦᠯᠦᠨ᠂ ᠠᠷᠠᠳ ᠣᠯᠠᠨ ᠳᠤ ᠨᠠᠩ ᠰᠠᠶᠢᠲᠤᠷ ᠦᠢᠯᠡᠴᠢᠯᠡᠬᠦ ᠳᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠣᠶ ᠪᠣᠯᠭᠠᠵᠤ᠂ ᠠᠮᠤᠷ ᠠᠮᠤᠭᠤᠯᠠᠩ ᠪᠠᠶ ᠮᠢᠶᠣᠣ ᠶᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号