ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠢ ᠶᠢᠩ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ ᠰᠤᠷᠤᠯᠴᠠᠪᠠ᠃ ᠬᠤᠷᠠᠯ ᠳᠡᠭᠡᠷ᠎ᠡ᠂ ᠴᠧᠨ ᠰᠢ ᠯᠧ᠂ ᠠᠷᠢᠭᠤᠨ᠂ ᠶᠠᠩ ᠵᠢᠶᠠᠨ ᠵᠦᠩ᠂ ᠸᠠᠩ ᠹᠧᠩ᠂ ᠵᠢᠶᠠ ᠰᠢ ᠵᠦᠩ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠲᠤᠰ ᠪᠡᠶ᠎ᠡ ᠶᠢᠨ ᠲᠦᠷᠦᠭᠳᠡᠯ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠭᠰᠠᠨ ᠪᠥᠭᠡᠳ ᠠᠵᠢᠯ ᠤᠨ ᠰᠡᠳᠬᠢᠴᠡ ᠪᠣᠯᠤᠨ ᠠᠷᠭ᠎ᠠ ᠬᠡᠮᠵᠢᠶ᠎ᠡ ᠶᠢ ᠳᠤᠷᠠᠳᠴᠠᠢ᠃    ᠬᠤᠷᠠᠯ ᠠᠴᠠ ᠱᠠᠭᠠᠷᠳᠠᠭᠰᠠᠨ ᠨᠢ᠂ ︽ᠵᠢᠷᠭᠤᠭᠠᠨ ᠢᠨᠵᠧᠨᠧᠷᠢᠩ︾ ᠪᠣᠯ ᠪᠥᠬᠦ ᠣᠷᠣᠨ ᠤ ᠭᠤᠤᠯᠳᠠᠯᠭ᠎ᠠ ᠲᠠᠢ ᠡᠭᠦᠷᠭᠡ ᠮᠥᠨ᠂ ᠪᠠᠰᠠ ᠴᠤ ᠤᠯᠤᠰ ᠲᠥᠷᠥ ᠶᠢᠨ ᠡᠭᠦᠷᠭᠡ ᠮᠥᠨ᠃ ᠪᠥᠬᠦ ᠬᠤᠰᠢᠭᠤᠨ ᠳᠤ ᠶᠡᠭᠡ ᠬᠦᠴᠦ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠶᠠᠰᠤ ᠴᠢᠨᠠᠷ ᠢ ᠪᠠᠲᠤᠯᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠤᠯᠳᠠᠯᠭ᠎ᠠ ᠶᠢ ᠴᠢᠩᠭ᠎ᠠ ᠠᠳᠬᠤᠵᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠰᠣᠶᠣᠯ ᠤᠨ ᠰᠠᠶᠢᠨ ᠠᠭᠤᠷ ᠠᠮᠢᠰᠬᠤᠯ ᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠶᠣᠰᠣ ᠲᠦᠷᠢᠮ ᠢ ᠰᠠᠶᠢᠲᠤᠷ ᠪᠠᠶᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠤᠳ ᠣᠷᠣᠨ ᠤ ᠳᠣᠲᠣᠷ᠎ᠠ ᠭᠠᠳᠠᠨᠠᠬᠢ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠵᠤ᠂ ᠵᠣᠬᠢᠴᠠᠩᠭᠤᠶ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠶᠢᠨ ᠬᠠᠮᠲᠤ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠲᠠᠢ ᠢᠳᠡᠪᠬᠢᠲᠡᠶ ᠵᠣᠯᠭᠠᠭᠤᠯᠵᠤ᠂ ︽ᠨᠢᠭᠡ ᠴᠤᠭᠴᠠᠵᠢᠭᠤᠯᠬᠤ︾ ᠬᠠᠮᠢᠶᠠᠷᠤᠨ ᠡᠵᠡᠮᠳᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠦᠨᠡᠨᠴᠢ ᠢᠲᠡᠭᠡᠮᠵᠢ ᠲᠠᠢ ᠪᠠᠶᠢᠬᠤ ︽ᠡᠴᠦᠰ ᠤᠨ ᠰᠡᠷᠭᠡᠶᠢᠯᠡᠯᠲᠡ ᠶᠢᠨ ᠱᠤᠭᠤᠮ ︾ ᠢ ᠰᠠᠶᠢᠲᠤᠷ ᠰᠠᠬᠢᠵᠤ᠂ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠨᠤᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨ᠎ᠡ ᠠᠵᠢᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠥᠷᠨᠢᠭᠦᠯᠵᠦ ᠪᠠᠶᠢᠭ᠎ᠠ ᠰᠠᠬᠢᠯᠭ᠎ᠠ ᠪᠠᠲᠤ ᠶᠢᠨ ᠬᠥᠮᠦᠵᠢᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠲᠦᠷᠢᠮ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠡᠵᠡᠮᠰᠢᠭᠦᠯᠵᠦ᠂ ᠰᠠᠬᠢᠯᠭ᠎ᠠ ᠪᠠᠲᠤ ᠶᠢ ᠰᠠᠬᠢᠵᠤ᠂ ᠦᠨᠡᠨᠴᠢ ᠢᠲᠡᠭᠡᠮᠵᠢ ᠶᠢ ᠡᠷᠬᠢᠮᠯᠡᠬᠦ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠶ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号