ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠵᠢᠴᠢ ︽ᠳᠥᠷᠪᠡᠨ ᠲᠠᠯ᠎ᠠ ᠪᠠᠷ ᠰᠤᠷᠤᠯᠴᠠᠵᠤ᠂ ᠳᠥᠷᠪᠡᠨ ᠲᠠᠯ᠎ᠠ ᠪᠠᠷ ᠬᠦᠰᠡᠯ ᠢᠶᠠᠨ ᠲᠡᠷᠭᠡᠯᠰᠢᠭᠦᠯᠬᠦ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠦᠮᠡᠳ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ︽ᠳᠥᠷᠪᠡᠨ ᠲᠠᠯ᠎ᠠ ᠠᠴᠠ ᠰᠤᠷᠤᠯᠴᠠᠵᠤ᠂ ᠳᠤᠮᠳᠠᠳᠤ ᠤᠯᠤᠰ ᠢ ᠲᠡᠷᠭᠡᠯᠰᠢᠭᠦᠯᠬᠦ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ   ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠲᠦᠮᠡᠳ ᠵᠡᠭᠦᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠬᠠᠭᠤᠯᠤᠨ ᠲᠠᠨᠢᠯᠴᠠᠭᠤᠯᠬᠤ ᠠᠵᠢᠯ ᠢ ᠭᠦᠨᠵᠡᠭᠡᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠪᠠᠨ ᠬᠠᠶᠢᠷᠠᠯᠠᠬᠤ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠤᠨ ᠭᠦᠨ ᠳᠤ ᠭᠦᠨ ᠦᠨᠳᠦᠰᠦᠯᠡᠭᠦᠯᠬᠦ ᠶᠢᠨ ᠬᠠᠮᠲᠤ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠬᠡᠷ ᠤᠨ ᠠᠬᠠᠮᠠᠳ ᠪᠣᠯᠤᠨ ᠰᠢᠯᠭᠠᠭᠤᠯᠤᠭᠰᠠᠳ ᠢ ᠬᠠᠪᠰᠤᠷᠤᠨ ᠡᠷᠡᠮᠡᠯᠵᠡᠯ ᠲᠠᠭᠯᠠᠬᠤ ᠪᠠ ᠡᠯᠰᠡᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠠᠩ ᠰᠠᠶᠢᠨ ᠮᠡᠳᠡᠭᠡ ᠵᠠᠩᠭᠢ ᠶᠢ ᠣᠶᠢᠯᠠᠭᠠᠭᠤᠯᠵᠤ᠂ ᠰᠢᠯᠭᠠᠭᠴᠢ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ ᠰᠠᠶᠢᠨ ᠡᠷᠡᠮᠡᠯᠵᠡᠯ ᠲᠠᠭᠯᠠᠭᠤᠯᠵᠤ᠂ ᠬᠡᠦᠬᠡᠳ ᠤᠳ ᠤᠨ ᠬᠦᠰᠡᠯᠡᠩ ᠲᠠᠢ ᠰᠤᠷᠭᠠᠭᠤᠯᠢ ᠪᠠ ᠲᠣᠬᠢᠷᠠᠮᠵᠢᠲᠠᠶ ᠲᠤᠰᠬᠠᠶ ᠮᠡᠷᠭᠡᠵᠢᠯ ᠢ ᠤᠷᠤᠭᠰᠢᠲᠠᠶ ᠰᠢᠯᠭᠠᠨ ᠠᠪᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠴᠠ ᠢᠷᠡᠭᠰᠡᠨ ᠸᠠᠩ ᠫᠧᠩ ᠴᠧᠩ ᠪᠠᠭᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠪᠠ᠃ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠡᠷᠬᠢᠯᠡᠭᠴᠢ ᠵᠣᠣ ᠢ ᠵᠢᠩ ᠶᠡᠭᠡ ᠰᠤᠷᠭᠠᠭᠤᠯᠢ ᠶᠢᠨ ᠰᠢᠯᠭᠠᠯᠲᠠ ᠶᠢᠨ ᠡᠷᠡᠮᠡᠯᠵᠡᠯ ᠲᠠᠭᠯᠠᠬᠤ ᠬᠠᠪᠰᠤᠷᠤᠨ ᠵᠢᠯᠣᠭᠤᠳᠣᠯᠭ᠎ᠠ ᠬᠢᠵᠦ᠂ ᠲᠤᠬᠠᠶ ᠶᠢᠨ ᠲᠠᠯᠠᠪᠤᠷ ᠤᠨ ᠬᠡᠷ ᠤᠨ ᠠᠬᠠᠮᠠᠳ᠂ ᠰᠤᠷᠤᠭᠴᠢᠳ ᠪᠠᠭᠰᠢ ᠨᠠᠷ ᠤᠨ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠴᠤ᠂ ᠰᠤᠷᠤᠭᠴᠢᠳ ᠤᠨ ᠴᠢᠷᠠᠶ ᠳᠤ ᠢᠷᠡᠭᠡᠳᠦᠶ ᠶᠢᠨ ᠶᠡᠭᠡ ᠰᠤᠷᠭᠠᠭᠤᠯᠢ ᠶᠢᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠢᠯᠬᠠᠵᠤ ᠪᠠᠶᠢᠪᠠ᠃    ᠲᠣᠰ ᠤᠳᠠᠭᠠᠨ ᠤ ᠠᠵᠢᠯᠯᠠᠭ᠎ᠠ ᠨᠢ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠢ ᠬᠤᠯᠪᠣᠬᠤ ᠪᠠᠷ ᠳᠠᠮᠵᠢᠭᠤᠯᠤᠨ᠂ ᠬᠡᠷ ᠤᠨ ᠠᠬᠠᠮᠠᠳ ᠪᠣᠯᠤᠨ ᠰᠤᠷᠤᠭᠴᠢᠳ ᠢ ᠬᠠᠪᠰᠤᠷᠤᠨ ᠮᠡᠳᠡᠭᠡ ᠵᠠᠩᠭᠢ ᠶᠢᠨ ᠢᠷᠡᠯᠲᠡ ᠪᠣᠯᠤᠨ ᠲᠥᠯᠥᠪᠵᠢᠭᠦᠯᠭᠡ ᠶᠢ ᠰᠣᠩᠭᠤᠬᠤ ᠲᠠᠯ᠎ᠠ ᠪᠠᠷ ᠬᠢ ᠳᠤᠲᠠᠭᠤᠳᠠᠯ ᠢ ᠨᠥᠬᠦᠪᠥᠷᠢᠯᠡᠵᠦ᠂ ᠲᠡᠳᠡᠨ ᠤ ᠬᠦᠰᠡᠯᠡᠩ ᠲᠠᠢ ᠶᠡᠭᠡ ᠰᠤᠷᠭᠠᠭᠤᠯᠢ ᠶᠢᠨ ᠬᠦᠷᠢᠶᠡᠨ ᠳᠤ ᠣᠷᠣᠬᠤ ᠳᠤ ᠬᠦᠴᠦᠨ ᠨᠡᠮᠡᠷᠢᠯᠡᠪᠡ᠃ ᠲᠤᠰ ᠠᠵᠢᠯᠯᠠᠭ᠎ᠠ ᠳᠤ ᠣᠷᠣᠯᠴᠠᠭᠰᠠᠨ ᠰᠤᠷᠤᠭᠴᠢᠳ ᠪᠣᠯᠤᠨ ᠭᠡᠷ ᠤᠨ ᠠᠬᠠᠮᠠᠳ ᠲᠤᠰ ᠤᠳᠠᠭᠠᠨ ᠤ ᠪᠣᠯᠪᠠᠰᠤᠷᠠᠯ ᠨᠢ ᠲᠡᠳᠡᠨ ᠳᠤ ᠪᠦᠬᠦ᠋ᠢᠯᠡ ᠰᠠᠶᠢᠨ ᠳᠤᠷ᠎ᠠ ᠶᠢᠨ ᠲᠠᠭᠯᠠᠨ ᠮᠡᠳᠡᠭᠦᠯᠦᠭᠰᠡᠨ ᠶᠠᠪᠤᠴᠠ ᠪᠣᠯᠤᠨ ᠴᠢᠬᠤᠯᠠ ᠴᠢᠨᠠᠷ ᠢ ᠣᠶᠢᠯᠠᠭᠠᠭᠤᠯᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠤᠷᠤᠭᠴᠢ ᠡᠯᠰᠡᠬᠦ ᠪᠠᠶᠢᠳᠠᠯ᠂ ᠰᠠᠶᠢᠨ ᠳᠤᠷ᠎ᠠ ᠠᠴᠠ ᠪᠠᠨ ᠲᠠᠭᠯᠠᠨ ᠮᠡᠳᠡᠭᠦᠯᠬᠦ ᠵᠠᠷᠴᠢᠮ ᠪᠣᠯᠤᠨ ᠴᠢᠭᠯᠡᠯ ᠢ ᠨᠠᠩ ᠰᠠᠶᠢᠲᠤᠷ ᠡᠵᠡᠮᠰᠢᠬᠦ ᠳᠤ ᠬᠠᠪᠰᠤᠷᠤᠯᠭ᠎ᠠ ᠦᠵᠡᠭᠦᠯᠪᠡ ᠭᠡᠵᠦ ᠢᠯᠡᠳᠬᠡᠵᠡᠭᠡᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号