ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠲᠤᠬᠠᠶᠢᠯᠠᠭᠰᠠᠨ ᠠᠵᠢᠯ ᠤᠨ ᠬᠡᠪ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/7/1
    ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢ ᠴᠠᠭᠠᠵᠠ ᠶᠢᠨ ᠦᠢᠯᠡᠳᠦᠯᠭᠡ ᠪᠣᠯᠤᠨ ᠬᠠᠤᠯᠢ ᠶᠢᠨ ᠤᠬᠠᠭᠠᠨ ᠤ ᠤᠨᠤᠯ ᠤᠨ ᠠᠭᠤᠰᠤᠯᠴᠠᠯ ᠢ ᠠᠬᠢᠭᠤᠯᠬᠤ ᠶᠢᠨ ᠲᠥᠯᠥᠭᠡ᠃ 6 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠲᠤᠬᠠᠶᠢᠯᠠᠭᠰᠠᠨ ᠠᠵᠢᠯ ᠤᠨ ᠬᠡᠪ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠤᠯᠢ ᠶᠢᠨ ᠤᠬᠠᠭᠠᠨ ᠤ ᠭᠠᠵᠠᠷ ᠤᠨ ᠳ᠋ᠣᠺᠲ᠋ᠣᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠵᠢᠯᠣᠭᠤᠳᠣᠭᠴᠢ᠂ ᠳᠡᠳ᠋ ᠫᠷᠤᠹᠧᠰᠰᠤᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠴᠧᠩ ᠵᠢᠶᠠᠨ ᠨᠥᠬᠦᠷ ᠢ ᠤᠷᠢᠵᠤ ᠬᠢᠴᠢᠶᠡᠯ ᠣᠷᠣᠭᠤᠯᠪᠠ᠃    ᠴᠧᠩ ᠵᠢᠶᠠᠨ ᠵᠢᠭᠠᠨ ᠰᠤᠷᠭᠠᠭᠴᠢ ︽ᠵᠠᠰᠠᠭ ᠵᠠᠬᠢᠷᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠠᠬᠢᠭᠤᠯᠬᠤ - ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠢᠶ᠎ᠠ ᠪᠦᠬᠦᠢ ᠠᠰᠠᠭᠤᠳᠠᠯ︾ ᠭᠡᠬᠦ ᠰᠡᠳᠦᠪ ᠢᠶᠠᠷ ᠵᠠᠰᠠᠭ ᠵᠠᠬᠢᠷᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠲᠦᠷᠦᠯ ᠬᠡᠯᠪᠡᠷᠢ᠂ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠬᠦ᠂ ᠡᠰᠡᠷᠭᠦ ᠴᠢᠭᠯᠡᠯ ᠢᠶᠠᠷ ᠡᠷᠡᠭᠦᠦ ᠰᠢᠢᠳᠬᠡᠯ ᠢ ᠵᠣᠯᠭᠠᠭᠤᠯᠬᠤ ᠠᠵᠢᠯ ᠢ ᠴᠢᠩᠭᠠᠳᠬᠠᠬᠤ ᠪᠠᠷ ᠳᠠᠮᠵᠢᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠤᠷᠪᠠᠨ ᠲᠠᠯ᠎ᠠ ᠪᠠᠷ ᠪᠦᠬᠦ ᠲᠠᠯ᠎ᠠ ᠶᠢᠨ᠂ ᠭᠦᠨᠵᠡᠭᠡᠶ ᠲᠣᠳᠣᠷᠬᠠᠶᠢᠯᠠᠨ ᠥᠭᠦᠯᠡᠵᠦ᠂ ᠬᠢᠴᠢᠶᠡᠯᠯᠡᠬᠦ ᠠᠭᠤᠯᠭ᠎ᠠ ᠨᠢ ᠦᠢᠯᠡᠳᠦᠯᠭᠡ ᠶᠢᠨ ᠬᠡᠷᠡᠭ ᠤᠨ ᠵᠢᠱᠢᠶ᠎ᠡ ᠲᠠᠢ ᠮᠥᠷᠲᠡᠭᠡᠨ ᠪᠠᠰᠠ ᠤᠨᠤᠯ ᠤᠨ ᠪᠣᠳᠣᠯᠬᠢᠯᠠᠯ ᠲᠠᠢ ᠪᠠᠶᠢᠨ᠎ᠠ᠃ ᠴᠢᠭᠯᠡᠯ ᠢ ᠲᠣᠳᠣᠷᠬᠠᠶ ᠵᠢᠭᠠᠵᠤ ᠪᠠᠰᠠ ᠠᠷᠭ᠎ᠠ ᠳᠤᠷᠠᠳᠴᠤ᠂ ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠯᠠᠪᠯᠠᠯᠲᠠ ᠪᠠ ᠰᠡᠳᠬᠢᠴᠡ ᠬᠠᠩᠭᠠᠪᠠ᠃    ᠲᠣᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠪᠠᠶᠢᠴᠠᠭᠠᠬᠤ ᠠᠵᠢᠯᠲᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠦᠷᠢᠮ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠯᠪᠣᠭᠳᠠᠯ ᠪᠥᠬᠦᠶ ᠬᠡᠷᠡᠭ ᠰᠢᠢᠳᠪᠦᠷᠢᠯᠡᠬᠦ ᠠᠵᠢᠯᠲᠠᠨ ᠳᠤ ᠥᠪᠡᠷ ᠤᠨ ᠬᠠᠷᠢᠭᠤᠴᠠᠯᠭ᠎ᠠ ᠪᠠ ᠡᠭᠦᠷᠭᠡᠯᠡᠯ ᠢ ᠲᠣᠳᠣᠷᠬᠠᠶᠢᠯᠠᠵᠠᠶ᠃ ᠠᠵᠢᠯ ᠤᠨ ᠬᠠᠷᠠᠭ᠎ᠠ ᠪᠠᠨ ᠥᠷᠭᠡᠳᠬᠡᠵᠦ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠷᠢᠶᠠᠯᠠᠯ ᠤᠨ ᠵᠠᠷᠴᠢᠮ ᠢ ᠣᠨᠣᠪᠴᠢᠲᠠᠢ ᠡᠵᠡᠮᠳᠡᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠪᠠᠶᠢᠴᠠᠭᠠᠬᠤ ᠬᠤᠷᠢᠶᠠᠨ ᠤ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃
 
ᠢᠷᠡᠯᠲᠡ᠄ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号