ᠡᠨᠡ ᠵᠢᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠤᠨ ᠬᠡᠷᠡᠭᠴᠡᠭᠡ ᠲᠣᠭᠲᠠᠭᠤᠨ ᠢᠶᠠᠷ ᠨᠡᠮᠡᠭᠳᠡᠵᠦ᠂ | ᠠᠵᠢᠯ ᠣᠯᠭᠤᠯᠲᠠ ᠬᠢᠭᠡᠳ ᠪᠠᠷᠠᠭᠠᠨ ᠤ ᠦᠨ᠎ᠡ ᠶᠡᠷᠦᠩᠬᠡᠢ ᠳᠡᠭᠡᠨ ᠰᠠᠶᠢᠵᠢᠷᠠᠵᠤ᠂ ᠨᠡᠶᠢᠭᠡᠮ ᠤᠨ ᠵᠢᠱᠢᠯᠲᠡ ᠶᠢ | ᠦᠷᠭᠦᠯᠵᠢᠯᠡᠨ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ | ᠠᠷᠠᠳ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠠᠶᠢᠵᠢᠷᠠᠬᠤ ᠬᠠᠨᠳᠤᠰᠢ ᠪᠠᠨ | ᠦᠷᠭᠦᠯᠵᠢᠯᠡᠭᠦᠯᠵᠦ ᠪᠠᠶᠢᠨ᠎ᠠ᠃ | ᠨᠢᠭᠡ᠂ ᠠᠵᠤ ᠦᠢᠯᠡᠳᠪᠦᠷᠢ ᠶᠡᠷᠦᠩᠬᠡᠢ ᠳᠡᠭᠡᠨ ᠲᠣᠭᠲᠠᠭᠤᠨ ᠢᠶᠠᠷ ᠨᠡᠮᠡᠭᠳᠡᠵᠦ᠂ ᠴᠠᠭᠠᠨ ᠢᠳᠡᠭᠡᠨ ᠤ ᠠᠵᠤ | ᠦᠢᠯᠡᠰ ᠤᠨ ᠬᠤᠪᠢ ᠨᠡᠮᠡᠷᠢ ᠲᠣᠪᠤᠶᠢᠮ᠎ᠠ ᠪᠠᠶᠢᠨ᠎ᠠ᠃ | 1 - 4 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠵᠦ᠂ ᠪᠦᠬᠦ ᠬᠤᠰᠢᠭᠤᠨ ᠤ ᠬᠡᠪᠴᠢᠶᠡᠵᠢᠯ ᠠᠴᠠ | ᠳᠡᠭᠡᠭᠰᠢᠬᠢ 75 ᠠᠵᠤ ᠦᠢᠯᠡᠳᠪᠦᠷᠢ ᠶᠢᠨ ᠠᠵᠤ ᠠᠬᠤᠶᠢᠯᠠᠯ ᠦᠢᠯᠡᠳᠬᠦᠨ ᠤ ᠦᠷᠳᠡᠭ 100.5 ᠳ᠋ᠦᠩᠰᠢᠭᠤᠷ | ᠲᠥᠭᠦᠷᠢᠭ ᠲᠤ ᠬᠦᠷᠴᠦ᠂ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 1.3% ᠪᠠᠷ ᠪᠠᠭᠤᠷᠠᠪᠠ᠃ | | ᠭᠤᠣᠯ ᠪᠣᠯᠬᠤ ᠲᠥᠷᠥᠯ ᠵᠦᠢᠯ ᠢᠶᠠᠷ ᠨᠢ ᠠᠪᠴᠤ ᠦᠵᠡᠪᠡᠯ᠂ ᠦᠢᠯᠡᠳᠬᠦ ᠦᠶ᠋ᠯᠡᠰ 82.7 ᠳ᠋ᠦᠩᠰᠢᠭᠤᠷ | ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.4 % ᠪᠠᠷ | ᠪᠠᠭᠤᠷᠠᠵᠤ᠂ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 4.7 ᠵᠠᠭᠤᠨ ᠤ ᠬᠤᠪᠢ ᠴᠡᠭ | ᠳᠤᠷᠤᠭᠰᠢᠯᠠᠪᠠ᠃ ᠴᠠᠬᠢᠯᠭᠠᠨ ᠬᠦᠴᠦᠨ᠂ ᠢᠯᠴᠢ ᠶᠢᠨ ᠬᠦᠴᠦᠨ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ ᠦᠢᠯᠡᠳᠬᠦᠨ ᠤ ᠥᠷᠲᠡᠭ ᠢ 17.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 23.8 % ᠪᠠᠷ ᠨᠡᠮᠡᠭᠳᠡᠨ᠂ ᠦᠢᠯᠡᠳᠬᠦᠨ ᠤ ᠥᠷᠲᠡᠭ ᠤᠨ ᠨᠡᠮᠡᠭᠳᠡᠯ ᠤᠨ | ᠬᠤᠷᠳᠤᠴᠠ 3.4 ᠵᠠᠭᠤᠨ ᠤ ᠬᠤᠪᠢ ᠴᠡᠭ ᠳᠡᠭᠡᠭᠰᠢᠯᠡᠪᠡ᠃ | ᠭᠤᠣᠯᠳᠠᠯᠭ᠎ᠠ ᠲᠠᠢ ᠠᠵᠤ ᠦᠢᠯᠡᠰ ᠢᠶᠠᠷ ᠠᠪᠴᠤ ᠦᠵᠡᠪᠡᠯ᠂ ᠰᠦ ᠶᠢᠨ ᠦᠢᠯᠡᠰ ᠢᠶᠠᠷ ᠭᠤᠣᠯ ᠪᠣᠯᠭᠠᠭᠰᠠᠨ | ᠪᠣᠬᠢᠷᠳᠤᠯ ᠦᠭᠡᠢ ᠢᠳᠡᠭᠡᠨ ᠤ ᠵᠦᠢᠯ ᠢ ᠡᠳ᠋ᠰᠢᠭᠦᠯᠬᠦ ᠠᠵᠤ ᠦᠢᠯᠡᠰ ᠤᠨ ᠦᠢᠯᠡᠳᠬᠦᠨ ᠤ ᠥᠷᠲᠡᠭ 62.9 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10. 6 ᠵᠠᠭᠤᠨ ᠤ ᠬᠤᠪᠢ ᠴᠡᠭ | ᠨᠡᠮᠡᠭᠳᠡᠵᠡᠢ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠪᠤᠷᠢᠵᠢᠬᠤ ᠬᠠᠨᠳᠤᠰᠢ ᠲᠠᠢ ᠪᠣᠯᠵᠤ᠂ | ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠦᠷᠭᠦᠯᠵᠢᠯᠡᠨ ᠥᠷᠭᠡᠳᠪᠡ᠃ | 1 - 4 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 14.6% ᠨᠡᠮᠡᠭᠳᠡᠪᠡ᠃ | ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 12.4% ᠶᠢ | ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 10.3% ᠪᠠᠷ ᠪᠠᠭᠤᠷᠠᠪᠠ᠃ ᠬᠤᠶᠠᠳᠤᠭᠠᠷ ᠠᠵᠤ ᠦᠢᠯᠡᠰ ᠤᠨ | ᠪᠡᠯᠡ ᠣᠷᠣᠭᠤᠯᠤᠯᠲᠠ 42.4% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 9.1% ᠪᠠᠷ ᠪᠠᠭᠤᠷᠠᠪᠠ᠃ | ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 45.2% ᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 68.4% ᠪᠠᠷ ᠨᠡᠮᠡᠭᠳᠡᠪᠡ᠃ | ᠬᠦᠷᠢᠶ᠎ᠡ ᠴᠠᠷ᠎ᠠ ᠠᠴᠠ ᠦᠵᠡᠪᠡᠯ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 5.0% ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 85.4% ᠨᠡᠮᠡᠭᠳᠡᠵᠦ᠂ ᠪᠥᠬᠦ ᠬᠤᠰᠢᠭᠤᠨ ᠤ ᠲᠠᠸᠠᠷ ᠤᠨ ᠬᠡᠷ | ᠪᠠᠶᠢᠰᠢᠩ ᠤᠨ ᠪᠣᠷᠣᠯᠠᠭᠤᠯᠭ᠎ᠠ ᠶᠢᠨ ᠲᠠᠯᠠᠪᠠᠶ 60327 ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 198.0% ᠨᠡᠮᠡᠭᠳᠡᠪᠡ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠰᠠᠶᠢᠵᠢᠷᠠᠵᠤ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ | ᠠᠵᠢᠯ ᠦᠷᠭᠦᠯᠵᠢᠯᠡᠨ ᠬᠦᠭᠵᠢᠶᠡᠨ ᠲᠠᠢ ᠪᠣᠯᠪᠠ᠃ | 1 - 4 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠥᠬᠦ ᠲᠤᠭ᠎ᠠ 16.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4 % ᠪᠠᠷ | ᠨᠡᠮᠡᠭᠳᠡᠪᠡ᠃ | ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠪᠠᠷᠤᠭ 13.9 ᠳ᠋ᠦᠩᠰᠢᠭᠤᠷ ᠲᠥᠭᠦᠷᠢᠭ ᠲᠤ ᠬᠦᠷᠴᠦ᠂ ᠬᠥᠳᠡᠭᠡ | ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠪᠠᠷᠤᠭ 2.5 ᠳ᠋ᠦᠩᠰᠢᠭᠤᠷ | ᠲᠥᠭᠦᠷᠢᠭ ᠲᠤ ᠬᠦᠷᠴᠡᠶ᠃ ᠬᠡᠷᠡᠭᠯᠡᠭᠡᠨ ᠤ ᠵᠦᠢᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ ᠪᠠᠷᠤᠭ 14.9 ᠳ᠋ᠦᠩᠰᠢᠭᠤᠷ ᠲᠥᠭᠦᠷᠢᠭ ᠲᠤ ᠬᠦᠷᠴᠦ᠂ ᠢᠳᠡᠭᠡᠨ ᠤᠮᠳᠠᠭᠠᠨ ᠤ ᠣᠷᠣᠯᠭ᠎ᠠ ᠪᠠᠷᠤᠭ 1.5 | ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ᠂ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ | ᠬᠤᠳᠠᠯᠳᠤᠭᠰᠠᠨ ᠬᠡᠮᠵᠢᠶ᠎ᠡ 6.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61. | 7% ᠪᠠᠷ ᠨᠡᠮᠡᠭᠳᠡᠨ᠂ ᠪᠥᠬᠦ ᠬᠤᠰᠢᠭᠤᠨ ᠤ ᠵᠢᠵᠢᠭᠯᠡᠨ ᠬᠤᠳᠠᠯᠳᠤᠭᠰᠠᠨ ᠲᠤᠭ᠎ᠠ ᠶᠢ ᠬᠢᠵᠠᠭᠠᠷᠯᠠᠭᠰᠠᠨ ᠬᠤᠪᠢ ᠶᠢᠨ | ᠵᠢᠩ ᠨᠢ 79.4% ᠳᠤ ᠬᠦᠷᠴᠡᠶ᠃ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠢᠵᠢᠭᠯᠡᠨ | ᠬᠤᠳᠠᠯᠳᠤᠭᠰᠠᠨ ᠲᠤᠭ᠎ᠠ 7.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59. | 8 % ᠪᠠᠷ ᠨᠡᠮᠡᠭᠳᠡᠪᠡ᠃ ᠡᠭᠦᠨ ᠳᠤ ᠠᠮᠤ ᠲᠣᠰᠣ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 60. | 3% ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 166.9% ᠪᠠᠷ | ᠨᠡᠮᠡᠭᠳᠡᠵᠦ᠂ ᠧᠦ᠋ᠷᠣᠫᠠ ᠡᠮ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 335.5% ᠪᠠᠷ ᠨᠡᠮᠡᠭᠳᠡᠪᠡ᠃ | ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 1.6% ᠪᠠᠷ ᠪᠠᠭᠤᠷᠠᠪᠠ᠃ ᠴᠢᠯᠠᠭᠤᠨ | ᠲᠣᠰᠣᠨ ᠤ ᠲᠥᠷᠥᠯ ᠤᠨ ᠲᠠᠸᠠᠷ ᠠᠳᠠᠯᠢ ᠬᠤᠭᠤᠴᠠᠭᠠᠨ ᠤ ᠬᠢ ᠠᠴᠠ 53.4% ᠪᠠᠷ ᠪᠠᠭᠤᠷᠠᠪᠠ᠃ ᠪᠤᠰᠤᠳ | ᠠᠮᠢᠳᠤᠷᠠᠯ ᠤᠨ ᠡᠳᠦᠷ ᠲᠤᠲᠤᠮ ᠤᠨ ᠬᠡᠷᠡᠭᠯᠡᠭᠡᠨ ᠤ ᠵᠦᠢᠯᠡᠰ ᠠᠳᠠᠯᠢ ᠬᠤᠭᠤᠴᠠᠭᠠᠨ ᠤ ᠬᠢ ᠠᠴᠠ 1.0% ᠪᠠᠷ | ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ 1 - 4 ᠰᠠᠷ᠎ᠠ ᠳᠤ᠂ ᠪᠥᠬᠦ ᠬᠤᠰᠢᠭᠤᠨ ᠤ ᠭᠤᠤᠯ ᠪᠣᠯᠬᠤ ᠠᠵᠤ | ᠠᠬᠤᠶ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ | ᠰᠠᠶᠢᠵᠢᠷᠠᠬᠤ ᠬᠠᠨᠳᠤᠰᠢ ᠪᠠᠨ ᠪᠠᠲᠤᠯᠠᠪᠠ᠃ ᠭᠡᠪᠡᠴᠦ ᠠᠵᠤ ᠦᠢᠯᠡᠳᠪᠦᠷᠢ ᠶᠢᠨ ᠠᠵᠤ ᠠᠬᠤᠢ ᠶᠢᠨ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠤ ᠨᠥᠯᠥᠭᠡ ᠶᠢ ᠳᠠᠭᠠᠯᠳᠤᠨ᠂ ᠬᠤᠶᠠᠳᠤᠭᠠᠷ ᠠᠵᠤ ᠦᠢᠯᠡᠰ ᠤᠨ ᠳᠠᠶᠢᠴᠢᠯᠠᠬᠤ | ᠦᠢᠯᠡᠳᠦᠯ ᠠᠯᠬᠤᠮ ᠠᠯᠬᠤᠮ ᠢᠶᠠᠷ ᠪᠠᠭᠤᠷᠠᠵᠤ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ | ᠬᠦᠴᠦᠨ ᠮᠥᠨ ᠬᠦ ᠴᠢᠩᠭᠠᠳᠬᠠᠬᠤ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ | ᠱᠠᠲᠤᠨ ᠳᠤ᠂ ᠲᠦᠮᠡᠳ ᠵᠡᠭᠦᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷᠳᠡᠯ᠂ | ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠷᠵᠦ᠂ ︽ᠬᠡᠮᠵᠢᠶ᠎ᠡ ᠪᠠᠨ ᠥᠷᠭᠡᠳᠬᠡᠬᠦ︾ ︽ᠶᠠᠰᠤ | ᠴᠢᠨᠠᠷ ᠢᠶᠠᠨ ᠳᠡᠭᠡᠭᠰᠢᠯᠡᠭᠦᠯᠬᠦ︾ ᠳᠡᠭᠡᠷ᠎ᠡ ᠦᠨᠡᠨ ᠬᠦ ᠬᠦᠴᠦ ᠲᠠᠯᠪᠢᠵᠤ᠂ ᠪᠥᠬᠦ ᠬᠤᠰᠢᠭᠤᠨ ᠤ ᠠᠵᠤ ᠠᠬᠤᠶ ᠶᠢᠨ | ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠬᠡᠷᠡᠭᠲᠡᠶ᠃ |