ᠲᠦᠮᠡᠳ ᠵᠡᠭᠦᠨ ᠬᠤᠰᠢᠭᠤᠨ ᠤ ᠶᠣᠰᠣ ᠰᠤᠷᠲᠠᠬᠤᠨ ᠤ ᠵᠢᠱᠢᠶᠡᠴᠢ ᠵᠢᠴᠢ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ ᠣᠷᠣᠭᠤᠯᠬᠤ︾ ᠦᠨᠳᠦᠰᠦᠨ ᠱᠠᠲᠤᠨ ᠤ ᠲᠣᠭᠤᠷᠢᠨ ᠲᠠᠶᠢᠯᠤᠮᠵᠢ ᠪᠢᠴᠢᠭᠡᠴᠢ ᠪᠠᠯᠭᠠᠰᠤᠨ ᠳᠤ ᠣᠷᠣᠪᠠ
ᠨᠡᠶᠢᠲᠡᠯᠡᠭᠰᠡᠨ ᠴᠠᠭ᠄
2024/7/11
   ᠶᠣᠰᠣ ᠰᠤᠷᠲᠠᠬᠤᠨ ᠤ ᠵᠢᠱᠢᠶᠡᠴᠢ ᠶᠢᠨ ᠦᠯᠢᠭᠡᠷ ᠳᠠᠭᠤᠷᠢᠶᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠤᠶᠢᠵᠢᠭᠤᠯᠤᠨ ᠦᠢᠯᠡᠳᠦᠯᠭᠡᠵᠢᠭᠦᠯᠬᠦ ᠶᠢᠨ ᠲᠥᠯᠥᠭᠡ᠂ 7 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠶᠣᠰᠣ ᠰᠤᠷᠲᠠᠬᠤᠨ ᠤ ᠵᠢᠱᠢᠶᠡᠴᠢ ᠶᠢ ᠵᠣᠬᠢᠶᠠᠨ ᠪᠠᠶᠢᠭᠤᠯᠤᠨ ᠪᠢᠴᠢᠭᠡᠴᠢ ᠪᠠᠯᠭᠠᠰᠤᠨ ᠳᠤ ᠬᠦᠷᠴᠦ ︽ᠶᠣᠰᠣ ᠰᠤᠷᠲᠠᠬᠤᠨ ᠤ ᠵᠢᠱᠢᠶᠡᠴᠢ ᠬᠤᠲᠠ · ᠥᠯᠢᠭᠡᠷ ᠳᠠᠭᠤᠷᠢᠶᠠᠯ ᠤᠨ ᠬᠦᠴᠦᠨ︾ - ᠲᠦᠮᠡᠳ ᠵᠡᠭᠦᠨ ᠬᠤᠰᠢᠭᠤᠨ ᠤ ᠶᠣᠰᠣ ᠰᠤᠷᠲᠠᠬᠤᠨ ᠤ ᠵᠢᠱᠢᠶᠡᠴᠢ ᠶᠢᠨ ᠦᠨᠳᠦᠰᠦᠨ ᠱᠠᠲᠤᠨ ᠳᠤ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠶᠣᠰᠣ ᠰᠤᠷᠲᠠᠬᠤᠨ ᠤ ᠵᠢᠱᠢᠶᠡᠴᠢ ᠶᠢᠨ ᠪᠡᠶ᠎ᠡ ᠪᠠᠷ ᠢᠶᠠᠨ ᠥᠩᠭᠡᠷᠡᠭᠦᠯᠦᠭᠰᠡᠨ ᠪᠠ ᠡᠷᠬᠢᠮ ᠳᠡᠭᠡᠳᠦ ᠵᠣᠷᠢᠭ ᠰᠠᠨᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠨᠡᠶᠢᠭᠡᠮ ᠤᠨ ᠰᠠᠶᠢᠨ ᠰᠠᠶᠢᠬᠠᠨ ᠶᠣᠰᠣ ᠮᠣᠷᠠᠯ ᠢ ᠮᠡᠳᠡᠷᠡᠬᠦ ᠪᠠ ᠬᠥᠭᠡᠭᠡᠴᠡᠯᠳᠦᠯ ᠢ ᠬᠥᠭᠵᠢᠭᠡᠬᠦ ᠶᠢᠨ ᠲᠥᠯᠥᠭᠡ ᠶᠤᠮ᠃ ᠶᠣᠰᠣ ᠰᠤᠷᠲᠠᠬᠤᠨ ᠤ ᠵᠢᠱᠢᠶᠡᠴᠢ ᠨᠠᠷ ᠲᠡᠳᠡᠨ ᠤ ᠦᠯᠢᠭᠡᠷ ᠳᠠᠭᠤᠷᠢᠶᠠᠯ ᠪᠠ ᠤᠶᠤᠨ ᠤᠬᠠᠭᠠᠨ ᠢᠶᠠᠨ ᠡᠪᠦᠷᠯᠡᠨ᠂ ᠪᠢᠴᠢᠭᠡᠴᠢ ᠪᠠᠯᠭᠠᠰᠤᠨ ᠳᠤ ᠬᠦᠷᠴᠦ᠂ ᠲᠤᠬᠠᠢ ᠶᠢᠨ ᠭᠠᠵᠠᠷ ᠤᠨ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠰᠡᠳᠬᠢᠯ ᠨᠢᠭᠡᠳᠦᠨ ᠰᠠᠨᠠᠯ ᠢᠶᠠᠨ ᠰᠣᠯᠢᠯᠴᠠᠪᠠ᠃    ᠠᠵᠢᠯᠯᠠᠭ᠎ᠠ ᠶᠢᠨ ᠳᠤᠮᠳᠠ᠂ ᠶᠣᠰᠣ ᠰᠤᠷᠲᠠᠬᠤᠨ ᠤ ᠵᠢᠱᠢᠶᠡᠴᠢ ᠨᠡᠷ ᠠᠮᠢᠳᠤᠯᠢᠭ ᠦᠭᠡ ᠬᠡᠯᠡ ᠪᠠ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠲᠡᠳᠡᠨ ᠤ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠠᠵᠢᠯ ᠤᠨ ᠪᠠᠶᠢᠷᠢ ᠳᠡᠭᠡᠷ᠎ᠡ ᠢᠯᠡᠷᠡᠭᠦᠯᠦᠭᠰᠡᠨ ᠡᠷᠬᠢᠮ ᠳᠡᠭᠡᠳᠦ ᠵᠠᠩ ᠮᠣᠷᠠᠯ ᠪᠠ ᠬᠠᠷᠠᠮ ᠦᠭᠡᠢ ᠵᠣᠷᠢᠭᠤᠯᠬᠤ ᠰᠡᠳᠬᠢᠯᠭᠡ ᠪᠠᠨ ᠬᠤᠪᠢᠶᠠᠯᠴᠠᠭᠰᠠᠨ ᠪᠠᠶᠢᠨ᠎ᠠ᠃ ᠲᠡᠳᠡᠨ ᠤ ᠦᠯᠢᠭᠡᠷ ᠶᠠᠭ ᠯᠠ ᠪᠣᠯᠠᠭ ᠤᠨ ᠤᠰᠤ ᠰᠢᠭ᠋ ᠬᠥᠮᠦᠰ ᠤᠨ ᠰᠡᠳᠬᠢᠯ ᠢ ᠤᠮᠳᠠᠯᠠᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠦᠨ ᠨᠢᠭᠡᠪᠦᠷᠢ ᠳᠤ ᠶᠣᠰᠣ ᠰᠤᠷᠲᠠᠬᠤᠨ ᠤ ᠬᠦᠴᠦᠨ ᠪᠠ ᠬᠠᠯᠠᠭᠤᠨ ᠳᠤᠯᠠᠭᠠᠨ ᠢ ᠮᠡᠳᠡᠷᠡᠭᠦᠯᠪᠡ᠃    ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠶᠣᠰᠣ ᠰᠤᠷᠲᠠᠬᠤᠨ ᠤ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠣᠷᠢᠭ ᠰᠠᠨᠠᠭ᠎ᠠ ᠨᠢ ᠪᠢᠴᠢᠭᠡᠴᠢ ᠪᠠᠯᠭᠠᠰᠤᠨ ᠳᠤ ᠥᠷᠭᠡᠨ ᠢᠶᠠᠷ ᠤᠯᠠᠮᠵᠢᠯᠠᠨ ᠪᠠᠳᠠᠷᠠᠭᠤᠯᠬᠤ ᠶᠢᠨ ᠬᠠᠮᠲᠤ ᠪᠠᠰᠠ ᠥᠷᠭᠡᠨ ᠣᠯᠠᠨ ᠰᠠᠭᠤᠭᠠᠯᠢ ᠠᠷᠠᠳ ᠤᠨ ᠵᠢᠱᠢᠶᠡᠴᠢ ᠠᠴᠠ ᠰᠤᠷᠤᠯᠴᠠᠵᠤ᠂ ᠵᠢᠱᠢᠶᠡᠴᠢ ᠪᠣᠯᠬᠤ ᠪᠠᠷ ᠴᠢᠷᠮᠠᠶᠢᠬᠤ ᠬᠠᠯᠠᠭᠤᠨ ᠰᠡᠳᠬᠢᠯᠭᠡ ᠪᠠ ᠡᠷᠡᠰ ᠵᠣᠷᠢᠭ ᠢ ᠬᠥᠭᠵᠢᠭᠡᠭᠰᠡᠨ ᠪᠠᠶᠢᠨ᠎ᠠ᠃    ᠤᠯᠠᠨ ᠢᠶᠠᠷ ᠢᠶᠠᠨ᠂ ᠶᠣᠰᠣ ᠰᠤᠷᠲᠠᠬᠤᠨ ᠤ ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠪᠢᠴᠢᠭᠡᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号