ᠬᠤᠨᠠᠨ ᠮᠤᠵᠢ ᠶᠢᠨ ᠶᠦᠩ ᠵᠧᠦ ᠬᠤᠲᠠ ᠶᠢᠨ ᠯᠢᠩ ᠯᠢᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠲᠦᠮᠡᠳ ᠵᠡᠭᠦᠨ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2024/7/11
   7 ᠰᠠᠷ᠎ᠠ ᠶᠢᠨ 8 ᠤ ᠡᠳᠦᠷ᠂ ᠬᠤᠨᠠᠨ ᠮᠤᠵᠢ ᠶᠢᠨ ᠶᠦᠩᠵᠸᠤ ᠬᠤᠳᠠ ᠶᠢᠨ ᠯᠢᠩ ᠯᠢᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠢᠶᠠᠩ ᠪᠢᠩ ᠵᠦᠩ ᠪᠦᠯᠬᠦᠮ ᠳᠠᠭᠠᠭᠤᠯᠤᠨ ᠲᠦᠮᠡᠳ ᠵᠡᠭᠦᠨ ᠬᠤᠰᠢᠭᠤᠨ ᠳᠤ ᠰᠢᠨᠵᠢᠯᠡᠨ ᠪᠠᠶᠢᠴᠠᠭᠠᠵᠤ ᠰᠤᠷᠤᠯᠴᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠶᠠᠨ ᠵᠢᠶᠦ᠋ᠨ᠂ ᠰᠤᠷᠤᠯᠴᠠᠬᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠡᠷᠬᠢᠯᠡᠭᠴᠢ ᠵᠣᠣ ᠰᠦᠬᠡ᠂ ᠳᠡᠳ᠋ ᠡᠷᠬᠢᠯᠡᠭᠴᠢ ᠴᠢ ᠶᠦᠩ ᠪᠢᠶᠤᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠢᠨ ᠶᠠᠨ ᠵᠥᠩ ᠪᠠᠷ᠎ᠠ ᠪᠣᠯᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠶ ᠶᠢᠨ ᠲᠥᠯᠥᠪᠵᠢᠭᠦᠯᠭᠡ ᠶᠢᠨ ᠦᠵᠡᠭᠦᠯᠭᠡ ᠶᠢᠨ ᠣᠷᠳᠣᠨ᠂ ᠴᠡᠯᠡᠭᠡᠷ ᠲᠠᠯ᠎ᠠ ᠠᠮᠢ ᠠᠬᠤᠶ ᠶᠢᠨ ᠤᠶᠤᠨᠲᠤ ᠮᠠᠯᠵᠢᠯ ᠤᠨ ᠲᠠᠯᠠᠪᠠᠶ᠂ ᠲᠦᠮᠡᠳ ᠵᠡᠭᠦᠨ ᠬᠤᠰᠢᠭᠤᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠲᠣᠭᠤᠷᠢᠨ ᠦᠵᠡᠵᠦ᠂ ᠲᠠᠶᠢᠯᠤᠮᠵᠢ ᠰᠣᠨᠣᠰᠬᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠨᠠᠷᠢᠨ ᠣᠶᠢᠯᠠᠭᠠᠵᠤ᠂ ᠳᠠᠪᠠᠭᠤᠯᠢᠭ ᠢᠶᠠᠨ ᠪᠤᠶᠢᠵᠢᠭᠤᠯᠤᠨ ᠣᠷᠣᠨ ᠪᠦᠰᠡ ᠶᠢᠨ ᠤᠨᠴᠠᠯᠢᠭᠳᠤ ᠠᠵᠢᠯ ᠤᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠪᠣᠶ ᠪᠣᠯᠭᠠᠪᠠ᠃    ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ ᠤᠯᠠᠮ ᠴᠢᠨᠠᠭᠰᠢᠳᠠ ᠰᠣᠯᠢᠯᠴᠠᠭ᠎ᠠ ᠬᠢᠭᠰᠡᠨ ᠪᠥᠭᠡᠳ ᠬᠤᠶᠢᠰᠢᠳᠠ ᠶᠢᠨ ᠠᠵᠢᠯ ᠤᠨ ᠳᠤᠮᠳᠠ ᠪᠠᠨ ᠬᠤᠶᠠᠷ ᠭᠠᠵᠠᠷ ᠤᠨ ᠤᠯᠤᠰ ᠲᠦᠷᠦ ᠶᠢᠨ ᠵᠥᠪᠯᠡᠯᠭᠡᠨ ᠰᠣᠯᠢᠯᠴᠠᠭ᠎ᠠ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠤᠷᠰᠢᠯᠭ᠎ᠠ ᠪᠠᠨ ᠬᠠᠷᠢᠯᠴᠠᠨ ᠲᠤᠯᠢᠳᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠥᠭᠵᠢᠯᠲᠡ ᠶᠢ ᠬᠠᠷᠢᠯᠴᠠᠨ ᠠᠬᠢᠭᠤᠯᠵᠤ ᠂ ᠭᠠᠷ ᠬᠤᠯᠪᠣᠨ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
 
ᠢᠷᠡᠯᠲᠡ᠄ ᠤᠯᠤᠰ ᠲᠥᠷᠥ ᠶᠢᠨ ᠵᠥᠪᠯᠡᠯᠭᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号