ᠲᠦᠮᠡᠳ ᠵᠡᠭᠦᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠢᠶᠠᠷ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠠᠯᠳᠠᠷᠰᠢᠭᠤᠯᠪᠠ
ᠨᠡᠶᠢᠲᠡᠯᠡᠭᠰᠡᠨ ᠴᠠᠭ᠄
2024/7/11
   ᠰᠣᠶᠣᠯ ᠵᠢᠭᠤᠯᠴᠢᠯᠠᠯ ᠤᠨ ᠬᠥᠭᠵᠢᠯᠲᠡ ᠨᠢ ᠨᠢᠭᠡ ᠲᠠᠯ᠎ᠠ ᠪᠠᠷ ︽ᠰᠢᠯᠦᠭ ᠪᠠ ᠠᠯᠤᠰ ︾ ᠢ ᠬᠤᠯᠪᠣᠯᠳᠤᠵᠤ᠂ ᠨᠥᠭᠦᠭᠡ ᠲᠠᠯ᠎ᠠ ᠪᠠᠷ ᠬᠡᠷᠡᠭᠯᠡᠭᠡ᠂ ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠲᠠᠢ ᠬᠤᠯᠪᠣᠯᠳᠤᠵᠤ ᠪᠠᠶᠢᠳᠠᠭ᠃ ᠣᠶᠢᠷ᠎ᠠ ᠶᠢᠨ ᠵᠢᠯ ᠠᠴᠠ ᠨᠠᠭᠠᠰᠢ᠂ ᠲᠦᠮᠡᠳ ᠵᠡᠭᠦᠨ ᠬᠤᠰᠢᠭᠤ ᠬᠠᠷ᠎ᠠ ᠤᠰᠤ ᠨᠠᠭᠤᠷ᠂ ᠳᠠᠯᠠᠨ ᠬᠠᠷ᠎ᠠ ᠠᠭᠤᠯᠠ ᠵᠡᠷᠭᠡ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠢᠷᠭᠡᠨᠰᠢᠯ ᠤᠨ ᠳᠠᠪᠠᠭᠤᠯᠢᠭ ᠲᠤ ᠲᠦᠰᠢᠭᠯᠡᠨ᠂ ᠣᠷᠣᠨ ᠤ ᠲᠥᠪ ᠬᠤᠲᠠ ᠶᠢᠨ ︽ᠵᠢᠭᠤᠯᠴᠢᠯᠠᠬᠤ ᠳᠤ ᠲᠣᠬᠢᠷᠠᠮᠵᠢᠲᠠᠶ︾ ᠬᠤᠲᠠ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠢᠶᠠᠷ ᠵᠤᠭᠠᠴᠠᠯ ᠢ ᠱᠤᠭᠤᠬᠤ ᠶᠢ ᠪᠠᠷᠢᠮᠲᠠᠯᠠᠨ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ︽ᠲᠣᠮᠣ ᠡᠬᠢ ᠪᠠᠶᠠᠯᠢᠭ︾ ᠤᠨ ᠦᠵᠡᠯᠲᠡ ᠶᠢ ᠪᠠᠷᠢᠮᠲᠠᠯᠠᠨ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ︽ᠠᠮᠢ ᠠᠬᠤᠶ︾᠂ ︽ᠲᠠᠷᠢᠶᠠᠯᠠᠩ︾ ᠂ ︽ᠠᠵᠤ  ᠦᠢᠯᠡᠳᠪᠦᠷᠢ︾ ᠶᠢ ᠬᠡᠷᠡᠭᠵᠢᠭᠦᠯᠵᠦ᠂ ᠦᠵᠡᠮᠵᠢ ᠶᠢᠨ ᠣᠷᠣᠨ ᠦᠵᠡᠮᠵᠢ ᠶᠢᠨ ᠴᠡᠭ ᠢ ᠱᠤᠭᠤᠮ ᠪᠣᠯᠭᠠᠨ ᠬᠤᠯᠪᠣᠵᠠᠶ᠃ 2024 ᠣᠨ ᠳᠤ ᠠᠭᠤᠯᠠ ᠳᠠᠭᠠᠤ ᠶᠢᠨ ᠦᠵᠡᠮᠵᠢ ᠶᠢᠨ ᠣᠷᠣᠨ᠂ ᠤᠨᠴᠠᠯᠢᠬᠳᠤ ᠦᠵᠡᠮᠵᠢ ᠶᠢᠨ ᠣᠷᠣᠨ᠂ ᠣᠶᠢᠷ᠎ᠠ ᠲᠡᠭᠦᠷᠭᠡ ᠶᠢᠨ ᠦᠵᠡᠮᠵᠢ ᠶᠢᠨ ᠣᠷᠣᠨ᠂ ᠬᠤᠪᠢᠰᠬᠠᠯ ᠤᠨ ᠳᠤᠷᠠᠰᠬᠠᠯᠲᠤ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ 4 ᠤᠨᠴᠠᠯᠢᠭᠳᠤ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ︽ᠠᠵᠤ ᠦᠢᠯᠡᠰ ᠤᠨ ᠬᠤᠲᠠ ᠶᠢ ᠨᠢᠭᠡ ᠴᠤᠭᠴᠠᠵᠢᠭᠤᠯᠬᠤ︾᠂ ︽ᠦᠵᠡᠮᠵᠢ ᠶᠢᠨ ᠬᠤᠲᠠ ᠶᠢ ᠨᠢᠭᠡ ᠴᠤᠭᠴᠠᠵᠢᠭᠤᠯᠬᠤ︾᠂ ︽ᠲᠠᠷᠢᠶᠠᠯᠠᠩ ᠵᠢᠭᠤᠯᠴᠢᠯᠠᠯ ᠢ ᠨᠢᠭᠡ ᠴᠤᠭᠴᠠᠵᠢᠭᠤᠯᠬᠤ︾ ᠰᠢᠨ᠎ᠡ ᠪᠠᠶᠢᠷᠢᠰᠢᠯ ᠢ ᠲᠦᠷᠭᠡᠳᠬᠡᠨ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠰᠢᠨ᠎ᠡ ᠣᠷᠣᠨ ᠵᠠᠶ ᠶᠢ ᠲᠠᠰᠤᠷᠠᠯᠲᠠ ᠥᠬᠡᠶ ᠥᠷᠭᠡᠳᠬᠡᠨ᠎ᠡ
 
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号