ᠶᠢᠨ ᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/12
    ᠶᠢᠨ ᠬᠠᠶ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠶᠢᠨ ᠬᠠᠶ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ ᠠᠴᠠ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠵᠥᠪᠯᠡᠭᠴᠢ ᠶᠠᠩ ᠫᠦ᠋᠂ ᠲᠥᠪ ᠤᠨ ᠳᠡᠳ᠋ ᠡᠷᠬᠢᠯᠡᠭᠴᠢ ᠹᠠᠨ ᡁᠢ ᠴᠤᠤ ᠬᠤᠷᠠᠯ ᠳᠤ ᠣᠷᠣᠯᠴᠠᠭᠰᠠᠨ ᠪᠥᠭᠡᠳ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠷᠢᠯᠠᠭᠤᠯᠵᠤ᠂ ᠲᠥᠪ ᠤᠨ ᠡᠯ᠎ᠡ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠠᠷᠢᠶᠠᠲᠤ ᠣᠷᠣᠨ ᠤ ᠡᠯ᠎ᠡ ᠠᠳᠠᠯ ᠠᠬᠤᠶ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠹᠠᠨ ᡁᠢ ᠴᠤᠤ ᠭᠠᠯ ᠤᠨᠲᠠᠷᠠᠭᠠᠬᠤ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠠᠵᠢᠯ ᠢ ᠠᠬᠢᠭᠤᠯᠬᠤ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠡᠭᠦᠷᠭᠡ ᠶᠢᠨ ᠱᠠᠭᠠᠷᠳᠠᠯᠭ᠎ᠠ ᠶᠢ ᠤᠯᠠᠮᠵᠢᠯᠠᠪᠠ᠃ ᠡᠯ᠎ᠡ ᠨᠡᠶᠢᠭᠡᠮ ᠲᠣᠭᠤᠷᠢᠭ ᠵᠢᠴᠢ ᠠᠳᠠᠯ ᠠᠬᠤᠶ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠤᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠳᠡᠭᠡᠳᠦ ᠲᠠᠰ ᠤᠨ ᠵᠠᠮ ᠵᠢᠴᠢ ᠭᠠᠯ ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃    ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠣᠨᠴᠠ ᠵᠠᠷᠢᠮ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠵᠢᠵᠢᠭ ᠲᠣᠭᠤᠷᠢᠭ ᠤᠨ ᠲᠤᠬᠠᠶ ᠴᠡᠭᠴᠡᠯᠡᠨ ᠰᠠᠶᠢᠵᠢᠷᠠᠭᠤᠯᠬᠤ ᠵᠢᠯᠣᠭᠤᠳᠬᠤ ᠰᠠᠨᠠᠯ ᠳᠤᠷᠠᠳᠴᠤ᠂ ᠬᠠᠷᠢᠶᠠᠲᠤ ᠣᠷᠣᠨ ᠤ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠭᠤᠤᠷᠰᠤ ᠨᠢ ᠤᠰᠤ ᠥᠬᠡᠶ ᠵᠢᠵᠢᠭ ᠲᠣᠭᠤᠷᠢᠭ ᠤᠨ ᠠᠳᠠᠯ ᠠᠬᠤᠶ ᠳᠤ ᠣᠨᠴᠠᠭᠠᠶᠢᠯᠠᠨ ᠪᠣᠯᠵᠣᠨ ᠶᠠᠷᠢᠯᠴᠠᠵᠤ᠂ ᠲᠡᠭᠦᠨ ᠢ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠪᠠᠰᠠ ᠦᠨᠳᠦᠷ ᠵᠡᠷᠭᠡᠯᠡᠯ ᠤᠨ ᠵᠢᠵᠢᠭ ᠲᠣᠭᠤᠷᠢᠭ ᠤᠨ ᠣᠷᠣᠨ ᠰᠠᠭᠤᠴᠠ ᠶᠢᠨ ᠠᠰᠠᠷ ᠤᠨ ᠭᠠᠯ ᠤᠨᠲᠠᠷᠠᠭᠠᠬᠤ ᠲᠦᠬᠦᠭᠡᠷᠦᠮᠵᠢ ᠭᠠᠷᠭᠠᠵᠠᠢ᠃    ᠪᠣᠳᠠᠲᠠᠶ ᠱᠠᠭᠠᠷᠳᠠᠯᠭ᠎ᠠ ᠭᠡᠪᠡᠯ᠂ ᠨᠢᠭᠡ ᠳᠤ᠂ ᠠᠷᠠᠳ ᠤᠨ ᠬᠡᠷᠡᠭᠯᠡᠭᠡᠨ ᠤ ᠠᠮᠢ ᠵᠢᠭᠤᠲᠠᠬᠤ ᠳᠡᠭᠡᠳᠦ ᠳᠠᠪᠬᠤᠷᠭ᠎ᠠ ᠶᠢᠨ ᠵᠠᠮ ᠢ ᠡᠵᠡᠯᠡᠨ ᠬᠡᠷᠡᠭᠯᠡᠬᠦ ᠪᠤᠶᠤ ᠡᠯᠳᠡᠪ ᠪᠣᠳᠠᠰ ᠣᠪᠣᠭᠠᠯᠠᠵᠤ ᠲᠠᠯᠪᠢᠬᠤ ᠶᠢ  ᠴᠠᠭᠠᠵᠠᠯᠠᠵᠤ᠂ ᠠᠮᠢ ᠵᠢᠭᠤᠲᠠᠬᠤ ᠨᠡᠪᠲᠡᠷᠡᠬᠦ ᠵᠠᠮ ᠤᠨ ᠣᠷᠣᠵᠤ ᠭᠠᠷᠬᠤ ᠭᠠᠵᠠᠷ ᠢ ᠬᠠᠭᠠᠵᠤ ᠪᠢᠲᠡᠭᠦᠮᠵᠢᠯᠡᠨ᠎ᠡ᠃ ᠬᠤᠶᠠᠷ ᠳᠤ᠂ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠪᠠᠷᠢᠯᠭ᠎ᠠ ᠳᠤ ᠣᠯᠠᠨ ᠨᠡᠶᠢᠲᠡ ᠶᠢᠨ ᠭᠠᠵᠠᠷ ᠣᠷᠣᠨ ᠤ ᠢᠯᠡ ᠣᠷᠣᠨ ᠪᠠᠶᠢᠷᠢ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠠᠯᠪᠢᠬᠤ ᠶᠢᠨ ᠬᠠᠮᠲᠤ ᠭᠠᠯ ᠤᠨᠲᠠᠷᠠᠭᠠᠬᠤ ᠪᠡᠯᠡᠳᠬᠡᠮᠵᠢ ᠶᠢᠨ ᠬᠡᠪ ᠤᠨ ᠶᠣᠰᠣᠭᠠᠷ ᠬᠡᠷᠡᠭᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠭᠠᠯ ᠤᠨᠲᠠᠷᠠᠭᠠᠬᠤ ᠲᠡᠮᠳᠡᠭ ᠢᠶᠠᠷ ᠭᠠᠵᠠᠷ ᠤᠨ ᠭᠠᠳᠠᠷᠭᠤ ᠳᠤ ᠡᠵᠡᠯᠡᠨ ᠬᠡᠷᠡᠭᠯᠡᠬᠦ ᠶᠢ ᠴᠠᠭᠠᠵᠠᠯᠠᠬᠤ ᠣᠷᠣᠨ ᠤ ᠬᠡᠪᠴᠢᠶ᠎ᠡ ᠶᠢ ᠲᠣᠳᠣᠷᠬᠠᠶᠢᠯᠠᠨ᠎ᠠ᠃ ᠭᠠᠯ ᠤᠨᠲᠠᠷᠠᠭᠠᠬᠤ ᠮᠤᠰᠬᠢᠭᠤᠷ᠂ ᠭᠠᠯ ᠤᠨᠲᠠᠷᠠᠭᠠᠭᠤᠷ ᠤᠨ ᠬᠠᠶᠢᠷᠴᠠᠭ ᠳᠡᠭᠡᠷ᠎ᠡ ᠬᠡᠷᠡᠭᠯᠡᠬᠦ ᠠᠷᠭ᠎ᠠ ᠶᠢᠨ ᠲᠡᠮᠳᠡᠭ ᠨᠠᠭᠠᠬᠤ ᠬᠡᠷᠡᠭᠲᠡᠢ᠃ ᠳᠥᠷᠪᠡ ᠳᠤ᠂ ᠠᠳᠠᠯ ᠠᠬᠤᠶ ᠶᠢᠨ ᠺᠣᠮᠫᠠᠨᠢ ᠶᠢᠨ ᠠᠵᠢᠯᠲᠠᠨ ᠲᠣᠮᠢᠯᠠᠨ ᠡᠳᠦᠷ ᠪᠦᠷᠢ ᠲᠣᠭᠤᠷᠢᠨ ᠪᠠᠶᠢᠴᠠᠭᠠᠵᠤ᠂ ᠭᠠᠯ ᠰᠡᠷᠭᠡᠶᠢᠯᠡᠬᠦ ᠡᠭᠦᠳᠡ ᠶᠢ ᠬᠠᠭᠠᠵᠤ ᠪᠠᠶᠢᠭ᠎ᠠ ᠪᠠᠶᠢᠳᠠᠯ ᠳᠤ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠪᠤ ᠳᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠪᠠᠲᠤᠯᠠᠬᠤ ᠶᠢᠨ ᠲᠤᠰᠠᠳᠠ᠂ ᠭᠠᠯ ᠤᠨᠲᠠᠷᠠᠭᠠᠬᠤ ᠪᠡᠯᠡᠳᠬᠡᠮᠵᠢ᠂ ᠲᠥᠬᠦᠭᠡᠷᠦᠮᠵᠢ ᠶᠢ ᠱᠠᠭᠠᠷᠳᠠᠯᠭ᠎ᠠ ᠶᠣᠰᠣᠭᠠᠷ ᠬᠠᠮᠠᠭᠠᠯᠠᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠡᠶᠢᠭᠡᠮ ᠲᠣᠭᠤᠷᠢᠭ᠂ ᠠᠳᠠᠯ ᠠᠬᠤᠶ ᠶᠢᠨ ᠺᠣᠮᠫᠠᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠭᠠᠯ ᠤᠨᠲᠠᠷᠠᠭᠠᠬᠤ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠶ᠃ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠶᠢ ᠬᠠᠷᠰᠢᠯᠠᠵᠤ ᠪᠠᠶᠢᠭ᠎ᠠ ᠬᠠᠷᠰᠢ ᠰᠠᠭᠠᠳ ᠢ ᠠᠷᠢᠯᠭᠠᠵᠤ᠂ ︽ᠨᠡᠪᠲᠡᠷᠡᠭᠦᠯᠬᠦ ᠶᠣᠰᠣᠲᠠᠢ ᠶᠢ ᠨᠢ ᠪᠦᠬᠦᠨ ᠢ ᠨᠡᠪᠲᠡᠷᠡᠭᠦᠯᠵᠦ᠂ ᠨᠤᠷᠠᠭᠠᠬᠤ ᠶᠣᠰᠣᠲᠠᠢ ᠶᠢ ᠨᠢ ᠪᠦᠬᠦᠨ ᠢ ᠨᠤᠷᠠᠭᠠᠵᠤ᠂ ᠥᠭᠡᠷᠡᠴᠢᠯᠡᠬᠦ ᠶᠣᠰᠣᠲᠠᠢ ᠶᠢ ᠨᠢ ᠪᠦᠬᠦᠨ ᠢ ᠥᠭᠡᠷᠡᠴᠢᠯᠡᠬᠦ︾ ᠬᠡᠷᠡᠭᠲᠡᠢ᠃ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠡᠯ᠎ᠡ ᠵᠦᠢᠯ ᠤᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃    ᠡᠴᠦᠰ ᠲᠤ᠂ ᠹᠠᠨ ᡁᠢ ᠴᠤᠤ ᠳ᠋ᠦᠩᠨᠡᠯᠲᠡ ᠶᠢᠨ ᠶᠠᠷᠢᠶᠠᠨ ᠳᠠᠭᠠᠨ᠂ ᠡᠯ᠎ᠡ ᠨᠡᠶᠢᠭᠡᠮ ᠲᠣᠭᠤᠷᠢᠭ ᠵᠢᠴᠢ ᠠᠳᠠᠯ ᠠᠬᠤᠶ ᠶᠢᠨ ᠬᠢᠨ ᠭᠠᠯ ᠤᠨᠲᠠᠷᠠᠭᠠᠬᠤ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠡᠮᠦᠨᠡᠬᠢ ᠬᠤᠭᠤᠴᠠᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠵᠢᠴᠢ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠤᠲᠠᠰᠤ ᠪᠠᠷ ᠴᠠᠬᠢᠯᠭᠠᠨ ᠴᠡᠨᠡᠭᠯᠡᠬᠦ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠢᠮᠳᠠᠭᠤᠯᠤᠨ ᠪᠠᠶᠢᠴᠠᠭᠠᠵᠤ᠂ ︽ᠪᠠᠭ᠎ᠠ ᠳᠠᠯᠳᠠ ᠬᠡᠮ︾ ᠢᠶᠠᠷ ︽ᠶᠡᠭᠡ ᠠᠳᠡᠯ︾ ᠪᠣᠯᠭᠠᠬᠤ ᠶᠢ ᠰᠡᠷᠭᠡᠶᠢᠯᠡᠨ ᠬᠤᠷᠢᠭᠯᠠᠵᠤ᠂ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄  ᠶᠢᠨ ᠬᠠᠶ ᠣᠷᠣᠨ ᠪᠦᠰᠡ ᠶᠢᠨ ᠦᠢᠯᠡᠴᠢᠯᠡᠭᠡᠨ ᠤ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号