ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠵᠢᠴᠢ ᠳᠣᠤᠷ᠎ᠠ ᠬᠠᠭᠠᠰ ᠵᠢᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/12
    7 ᠰᠠᠷ᠎ᠠ ᠶᠢᠨ 11 ᠤ ᠡᠳᠦᠷ᠂ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠵᠢᠴᠢ ᠳᠣᠤᠷ᠎ᠠ ᠬᠠᠭᠠᠰ ᠵᠢᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠠᠨ ᠱᠤ᠋ ᠯᠢᠨ ᠬᠤᠷᠠᠯ ᠢ ᠡᠷᠭᠢᠯᠡᠵᠦ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠡ᠂ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠠᠴᠠ 2024 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠷ᠎ᠡ ᠬᠠᠭᠠᠰ ᠵᠢᠯ ᠤᠨ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠡᠯ᠎ᠡ ᠵᠦᠢᠯ ᠤᠨ ᠬᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠤ ᠲᠣᠬᠢᠷᠠᠭᠤᠯᠤᠯᠲᠠ ᠬᠢᠬᠦ ᠶᠢᠨ ᠬᠠᠮᠲᠤ ᠳᠣᠤᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠰᠢᠨ᠎ᠡ ᠴᠠᠭ ᠦᠶ᠎ᠡ ᠰᠢᠨ᠎ᠡ ᠠᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠶ ᠡᠵᠡᠮᠳᠡᠵᠦ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠰᠠᠯᠠᠭ᠎ᠠ ᠮᠥᠴᠢᠷ ᠤᠨ ᠰᠢᠨᠵᠢ ᠴᠢᠨᠠᠷ ᠲᠤ ᠰᠠᠭᠤᠷᠢᠯᠠᠵᠤ᠂ ᠠᠷᠠᠳ ᠲᠦᠮᠡᠨ ᠢ ᠳᠡᠭᠡᠳᠦᠯᠡᠬᠦ ᠤᠯᠤᠰ ᠲᠦᠷᠦ ᠶᠢᠨ ᠵᠣᠭᠰᠣᠯᠲᠠ ᠶᠢ ᠪᠠᠷᠢᠮᠲᠠᠯᠠᠵᠤ᠂ ᠴᠢᠩᠭ᠎ᠠ ᠨᠢᠮᠪᠠᠢ ᠰᠤᠷᠲᠠᠯ ᠢᠶᠠᠷ ᠵᠥᠷᠢᠶ᠎ᠡ ᠪᠠᠨ ᠡᠷᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠪᠣᠳᠠᠲᠤ ᠠᠮᠵᠢᠯᠲᠠ ᠪᠠᠷ ᠢᠶᠠᠨ ᠦᠭᠡ ᠬᠡᠯᠡᠵᠦ᠂  ᠠᠮᠵᠢᠯᠲᠠ ᠲᠠᠢ  ᠪᠠᠷ ᠰᠢᠯᠭᠠᠯᠲᠠ ᠲᠤᠰᠢᠶᠠᠬᠤ ᠬᠡᠷᠡᠭᠲᠡᠢ᠃    ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠶᠢ ᠪᠣᠳᠠᠲᠠᠢ ᠠᠳᠬᠤᠵᠤ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠲᠤᠪᠤᠶᠢᠯᠭᠠᠵᠦ᠂ ᠪᠦᠬᠦ ᠵᠢᠯ ᠤᠨ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠠᠵᠢᠯ ᠣᠯᠭᠤᠬᠤ ᠦᠢᠯᠡᠰ ᠪᠦᠲᠦᠭᠡᠬᠦ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠶᠢᠨ ᠬᠠᠷᠢᠴᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠤᠣᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠡᠮᠬᠢᠯᠡᠨ ᠳ᠋ᠦᠩᠨᠡᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠴᠢᠩᠭ᠎ᠠ ᠠᠩᠬᠠᠷᠴᠤ᠂ ᠠᠵᠢᠯ ᠤᠨ ᠡᠭᠦᠷᠭᠡ ᠶᠢ ᠬᠡᠮᠵᠢᠶᠡᠵᠢᠭᠦᠯᠵᠦ᠂ ᠴᠠᠭ ᠲᠤ ᠪᠠᠨ ᠠᠵᠢᠯ ᠤᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠲᠣᠪᠤᠶᠢᠮ᠎ᠠ ᠰᠠᠶᠢᠲᠤᠷ ᠠᠳᠬᠤᠪᠠ᠃ ᠡᠯ᠎ᠡ ᠲᠥᠪ᠂ ᠬᠤᠪᠢ ᠣᠷᠣᠭᠤᠯᠤᠭᠰᠠᠨ ᠲᠠᠰᠤᠭ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠶᠠᠷᠢᠶᠠᠨ ᠤ ᠲᠠᠩᠬᠢᠮ ᠳᠤ ᠲᠦᠰᠢᠭᠯᠡᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠨ᠎ᠡ ᠣᠨᠣᠯ᠂ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠱᠠᠭᠠᠷᠳᠠᠯᠭ᠎ᠠ ᠶᠢ ᠰᠤᠷᠤᠯᠴᠠᠨ ᠰᠤᠳᠤᠯᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠰᠤᠷᠤᠯᠴᠠᠯᠭ᠎ᠠ ᠶᠢᠨ ᠳᠤᠮᠳᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂  ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂  ᠬᠤᠷᠰᠢᠶ᠎ᠠ ᠪᠠ ᠪᠠᠩᠬᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠠᠵᠢᠯ ᠶᠠᠪᠤᠳᠠᠯ ᠰᠢᠢᠳᠪᠦᠷᠢᠯᠡᠬᠦ ᠳᠤ ᠨᠠᠩ ᠲᠠᠭᠠᠯᠠᠮᠵᠢᠲᠠᠶ ᠪᠣᠯᠭᠠᠨ᠎ᠠ᠃ ᠲᠦᠷᠪᠡ ᠳᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠡᠯ᠎ᠡ ᠵᠦᠢᠯ ᠤᠨ ᠬᠠᠷᠠᠯᠲᠠ ᠡᠭᠦᠷᠭᠡ ᠶᠢ ᠠᠬᠢᠭᠤᠯᠬᠤ ᠡᠷᠴᠢ ᠵᠣᠷᠢᠭ ᠪᠣᠯᠭᠠᠨ ᠬᠤᠪᠢᠷᠠᠭᠤᠯᠵᠤ᠂ ᠴᠤᠭ ᠪᠠᠳᠠᠷᠠᠩᠭᠤᠶ ᠰᠤᠷᠲᠠᠯ᠂ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠠᠵᠢᠯ ᠬᠢᠬᠦ ᠡᠷᠴᠢ ᠵᠣᠷᠢᠭ ᠢᠶᠠᠷ ᠪᠥᠬᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号