ᠲᠦᠮᠡᠳ ᠵᠡᠭᠦᠨ ᠬᠤᠰᠢᠭᠤᠨ ᠤ ᠨᠢᠭᠡᠳᠦᠮᠡᠯ ᠹᠷᠣᠨᠲ ᠤᠨ 2024 ᠣᠨ ᠤ ᠲᠠᠪᠤᠳᠤᠭᠠᠷ ᠬᠤᠭᠤᠴᠠᠭᠠᠨ ᠤ ︽ᠰᠡᠳᠬᠢᠯ ᠢᠶᠠᠨ ᠨᠢᠭᠡᠳᠭᠡᠬᠦ ᠶᠡᠭᠡ ᠬᠢᠴᠢᠶᠡᠯ ᠤᠨ ᠲᠠᠩᠬᠢᠮ︾ ᠶᠠᠪᠤᠭᠳᠠᠪᠠ
ᠨᠡᠶᠢᠲᠡᠯᠡᠭᠰᠡᠨ ᠴᠠᠭ᠄
2024/7/12
   7 ᠰᠠᠷ᠎ᠠ ᠶᠢᠨ 11 ᠤ ᠡᠳᠦᠷ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ 2024 ᠣᠨ ᠤ ᠲᠠᠪᠤᠳᠤᠭᠠᠷ ᠬᠤᠭᠤᠴᠠᠭᠠᠨ ᠤ ︽ᠰᠡᠳᠬᠢᠯ ᠢᠶᠠᠨ ᠨᠢᠭᠡᠳᠬᠡᠬᠦ ᠶᠠᠷᠢᠶᠠᠨ ᠤ ᠲᠠᠩᠬᠢᠮ︾ ᠢ ᠡᠷᠬᠢᠯᠡᠵᠦ᠂ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠯᠢ ᠧᠨ ᠸᠧᠢ ᠶᠢ ᠣᠨᠴᠠᠭᠠᠶᠢᠯᠠᠨ ᠤᠷᠢᠵᠤ ᠰᠢᠨ᠎ᠡ ᠵᠠᠮ ᠢᠶᠠᠷ ᠵᠠᠮᠨᠠᠵᠤ ᠦᠨᠡᠨᠴᠢ ᠰᠢᠳᠤᠷᠭᠤ ᠪᠠᠷ ᠠᠵᠢᠯᠯᠠᠵᠤ ᠳᠤᠮᠳᠠ ᠵᠤᠭᠠᠴᠠᠯ ᠳᠤ ᠣᠷᠣᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠪᠡ᠃ ᠨᠢᠭᠡᠳᠦᠮᠡᠯ ᠹᠷᠠᠨᠲ ᠤᠨ ᠪᠦᠷᠢᠯᠳᠦᠬᠦᠨ ᠨᠡᠶᠢᠲᠡ 40 ᠬᠦᠮᠦᠨ ᠤᠷᠤᠯᠴᠠᠪᠠ᠃    ᠲᠣᠰ ᠤᠳᠠᠭᠠᠨ ᠤ ᠲᠠᠶᠢᠯᠤᠮᠵᠢ ᠨᠢ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠵᠤ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠢ ᠭᠦᠨᠵᠡᠭᠡᠶᠢᠷᠡᠭᠦᠯᠬᠦ ᠳᠤ ᠴᠣ᠋ ᠰᠢᠨ᠎ᠡ ᠠᠷᠭ᠎ᠠ ᠵᠠᠮ ᠢ ᠬᠠᠩᠭᠠᠭᠰᠠᠨ ᠪᠠᠶᠢᠨ᠎ᠠ᠃ ᠥᠷᠭᠡᠨ ᠣᠯᠠᠨ ᠨᠢᠭᠡᠳᠦᠮᠡᠯ ᠹᠷᠣᠨᠲ ᠤᠨ ᠪᠦᠷᠢᠯᠳᠦᠬᠦᠨ ᠨᠡᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠭᠦᠨᠵᠡᠭᠡᠶ ᠲᠠᠨᠢᠯᠲᠠ ᠲᠠᠢ ᠪᠣᠯᠪᠠ᠃    ᠲᠠᠶᠢᠯᠤᠮᠵᠢ ᠪᠠᠷ ᠳᠡᠮᠵᠢᠨ᠂ ᠣᠯᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠨᠢᠭᠡᠳᠦᠮᠡᠯ ᠹᠷᠣᠨᠲ ᠤᠨ ᠠᠵᠢᠯ ᠤᠨ ᠭᠤᠤᠯᠳᠠᠯᠭ᠎ᠠ ᠶᠢ ᠡᠵᠡᠮᠳᠡᠵᠦ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠪᠥᠬᠦ ᠬᠦᠴᠦᠨ ᠢᠶᠠᠷ ᠢᠶᠠᠨ ᠭᠤᠤᠯ ᠶᠡᠭᠡ ᠲᠠᠯ᠎ᠠ ᠳᠤ ᠦᠢᠯᠡᠴᠢᠯᠡᠵᠦ᠂ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠢᠭᠡᠳᠦᠮᠡᠯ ᠹᠷᠣᠨᠲ ᠤᠨ ᠬᠦᠴᠦᠨ ᠢᠶᠠᠨ ᠡᠷᠭᠦᠨ᠎ᠡ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号