ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠬᠥᠬᠡᠬᠤᠲᠠ ᠪᠤᠭᠤᠲᠤ ᠪᠠᠶᠢᠴᠠᠭᠠᠬᠤ ᠪᠠᠶᠢᠭᠤᠯᠭ᠎ᠠ ᠶᠢᠨ ᠱᠦᠵᠢ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠬᠠᠮᠲᠤᠷᠠᠭᠰᠠᠨ ᠤᠷᠤᠯᠳᠤᠭᠠᠨ ᠳᠤ ᠰᠢᠯᠢᠳᠡᠭ ᠠᠮᠵᠢᠯᠲᠠ ᠤᠯᠪᠠ︕
ᠨᠡᠶᠢᠲᠡᠯᠡᠭᠰᠡᠨ ᠴᠠᠭ᠄
2024/7/15
    7 ᠰᠠᠷ᠎ᠠ ᠶᠢᠨ 12 ᠤᠨ ᠡᠳᠦᠷ᠂ ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠬᠥᠬᠡᠬᠤᠲᠠ ᠪᠤᠭᠤᠲᠤ ᠪᠠᠶᠢᠴᠠᠭᠠᠬᠤ ᠪᠠᠶᠢᠭᠤᠯᠭ᠎ᠠ ᠶᠢᠨ ᠱᠦᠵᠢ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠬᠠᠮᠲᠤᠷᠠᠭᠰᠠᠨ ᠤᠷᠤᠯᠳᠤᠭᠠᠨ ᠤ ᠳ᠋ᠦᠩᠨᠡᠯᠲᠡ ᠵᠢᠴᠢ ᠱᠠᠩᠨᠠᠯ ᠣᠯᠭᠤᠬᠤ ᠶᠣᠰᠣᠯᠠᠯ ᠡᠷᠭᠢᠯᠡᠵᠦ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠱᠦᠵᠢ ᠰᠦᠨ ᠯᠢ᠂ ᠨᠢᠦ ᠰᠢᠨ ᠶᠢᠩ ᠲᠣᠰ ᠲᠣᠰ ︽ᠪᠢᠴᠢᠭᠡᠴᠢ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠵᠢᠱᠢᠶᠡᠴᠢ︾ ᠶᠢᠨ ᠴᠣᠯᠠ ᠬᠢᠭᠡᠳ ︽ᠪᠢᠴᠢᠭᠡᠴᠢ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠴᠢᠳᠠᠪᠤᠷᠢᠲᠠᠨ︾ ᠤ ᠴᠣᠯᠠ ᠭᠥᠷᠳᠡᠪᠡ᠃    ᠲᠣᠰ ᠤᠳᠠᠭᠠᠨ ᠤ ᠤᠷᠤᠯᠳᠤᠭᠠᠨ ᠪᠣᠯ ︽ᠬᠥᠬᠡᠬᠤᠲᠠ ᠪᠤᠭᠤᠲᠤ ᠬᠤᠲᠠ ᠶᠢᠨ ᠪᠠᠶᠢᠴᠠᠭᠠᠬᠤ ᠪᠠᠶᠢᠭᠤᠯᠭ᠎ᠠ ᠯᠤᠭ᠎ᠠ ᠬᠤᠲᠠ ᠶᠢᠨ ᠬᠥᠭᠵᠢᠯᠲᠡ ᠶᠢᠨ ᠪᠣᠷᠣ ᠲᠥᠯᠥᠪ ᠤᠨ ᠵᠥᠪᠯᠡᠯᠴᠡᠭᠡᠷ︾ ᠤᠨ ᠪᠠᠰᠠ ᠨᠢᠭᠡ ᠤᠳᠠᠭᠠᠨ ᠤ ᠠᠮᠵᠢᠯᠲᠠ ᠲᠠᠢ ᠬᠠᠮᠲᠤᠷᠠᠯᠴᠠᠭ᠎ᠠ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ︽ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ︾ ᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠢᠴᠢᠭᠡᠴᠢ ᠶᠢᠨ ᠡᠩᠨᠡᠭᠡ ᠶᠢᠨ ᠪᠠᠶᠢᠭᠤᠯᠤᠯᠲᠠ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠪᠠᠶᠢᠴᠠᠭᠠᠬᠤ ᠲᠤᠰᠠᠯᠠᠮᠵᠢ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠬᠦᠴᠦᠲᠡᠶ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠬᠦᠨᠳᠦᠲᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠦᠨᠡᠨ ᠬᠦ ᠴᠢᠩᠭᠠᠳᠬᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠴᠤᠭ ᠵᠢᠪᠬᠤᠭ᠎ᠠ ᠲᠡᠭᠦᠯᠳᠡᠷ ᠪᠢᠴᠢᠭᠡᠴᠢ ᠶᠢᠨ ᠡᠩᠨᠡᠭᠡ ᠶᠢ ᠴᠢᠷᠮᠠᠶᠢᠨ ᠪᠠᠶᠢᠭᠤᠯᠵᠤ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠣᠶᠤᠨ ᠤ ᠳᠡᠮᠵᠢᠯᠭᠡ ᠬᠠᠩᠭᠠᠨ᠎ᠠ᠃
 
ᠢᠷᠡᠯᠲᠡ᠄ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号