ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠪᠠ
ᠨᠡᠶᠢᠲᠡᠯᠡᠭᠰᠡᠨ ᠴᠠᠭ᠄
2024/7/15
    ᠠᠵᠢᠯᠲᠠᠨ ᠠᠵᠢᠯᠴᠢᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠥᠳᠡᠯᠮᠦᠷᠢ ᠬᠦᠴᠦᠨ ᠬᠡᠷᠡᠭᠯᠡᠬᠦ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠬᠤ ᠶᠢᠨ ᠬᠠᠮᠲᠤ ᠠᠵᠤ ᠠᠬᠤᠶᠢᠯᠠᠯ ᠤᠨ ᠨᠢᠭᠡᠴᠡ ᠶᠢᠨ ᠲᠣᠭᠲᠠᠭᠤᠨ ᠪᠥᠭᠡᠳ ᠠᠯᠤᠰ ᠬᠡᠲᠦ ᠶᠢᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠲᠦᠮᠡᠳ ᠵᠡᠭᠦᠨ ᠬᠤᠰᠢᠭᠤᠨ ᠤ ᠶᠡᠷᠦᠩᠬᠡᠶ ᠠᠵᠢᠯᠴᠢᠨ ᠤ ᠡᠪᠯᠡᠯ ᠤᠨ ᠬᠠᠤᠯᠢ ᠶᠢᠨ ᠠᠵᠢᠯᠴᠢᠨ ᠤ ᠬᠡᠯᠲᠡᠰ ᠠᠯᠢ ᠣᠯᠠᠨ ᠬᠠᠨᠳᠤᠯᠭᠠᠲᠤ ᠴᠢᠨᠠᠷᠲᠠᠶ ᠠᠵᠢᠯᠯᠠᠭ᠎ᠠ ᠥᠷᠨᠢᠭᠦᠯᠪᠡ᠃    ︽ᠬᠦᠳᠡᠯᠮᠦᠷᠢ ᠶᠢᠨ ᠠᠵᠢᠯᠴᠢᠨ ᠬᠡᠷᠡᠭᠯᠡᠬᠦ ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ︾ ᠶᠢᠨ ᠲᠤᠰᠬᠠᠢ ᠠᠵᠢᠯᠯᠠᠭ᠎ᠠ ᠶᠢ ᠦᠷᠨᠢᠭᠦᠯᠪᠡ    ᠥᠪᠥᠷ ᠮᠣᠩᠭᠤᠯ ᠤᠨ ᠢ ᠱᠦᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠳᠤ ᠴᠢᠭᠯᠡᠭᠦᠯᠦᠨ᠂ ︽ᠬᠥᠳᠡᠯᠮᠦᠷᠢ ᠬᠦᠴᠦᠨ ᠬᠡᠷᠡᠭᠯᠡᠬᠦ ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ︾ ᠶᠢᠨ ᠲᠤᠰᠬᠠᠶ ᠠᠵᠢᠯᠯᠠᠭ᠎ᠠ ᠬᠢᠵᠦ᠂ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ ᠵᠢᠴᠢ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠲᠠᠯ᠎ᠠ ᠪᠠ ᠠᠵᠢᠯᠲᠠᠨ ᠠᠵᠢᠯᠴᠢᠨ ᠤ ᠲᠥᠯᠥᠭᠡᠯᠡᠭᠴᠢᠳ ᠲᠠᠢ ᠭᠦᠨᠵᠡᠭᠡᠶ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠡᠯ᠎ᠡ ᠲᠥᠷᠥᠯ ᠤᠨ ᠥᠷᠢᠰᠥᠯᠳᠦᠭᠡᠨ ᠪᠠ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢᠨ ᠪᠣᠳᠠᠲᠠᠶ ᠪᠠᠶᠢᠳᠠᠯ ᠢ ᠰᠢᠰᠲ᠋ᠧᠮ ᠲᠠᠢ ᠡᠮᠬᠢᠯᠡᠵᠦ᠂ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠵᠢᠯᠣᠭᠤᠳᠣᠯᠭ᠎ᠠ ᠬᠠᠩᠭᠠᠵᠤ᠂ ᠠᠵᠢᠯᠴᠢᠨ ᠬᠡᠷᠡᠭᠯᠡᠬᠦ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠰᠢᠶᠠᠩ ᠪᠠᠯᠭᠠᠰᠤᠨ ᠤ ᠠᠵᠢᠯᠴᠢᠨ ᠤ ᠡᠪᠯᠡᠯ ᠤᠨ ᠠᠵᠢᠯ ᠤᠨ ᠬᠡᠷᠡᠭᠵᠢᠭᠦᠯᠦᠯᠲᠡ ᠶᠢᠨ ᠪᠠᠶᠢᠳᠠᠯ ᠢ ᠭᠦᠨᠵᠡᠭᠡᠶ ᠪᠠᠶᠢᠴᠠᠭᠠᠨ ᠰᠤᠳᠤᠯᠵᠤ᠂ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠣᠶᠢᠯᠠᠭᠠᠪᠠ᠃    ᠬᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ︽ᠨᠢᠭᠡ ᠵᠠᠬᠢᠳᠠᠯ ᠬᠤᠶᠠᠷ ᠪᠢᠴᠢᠭ︾ ᠤᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ    ᠠᠵᠤ ᠠᠬᠤᠶᠢᠯᠠᠯ ᠳᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ︽ᠨᠢᠭᠡ ᠵᠠᠬᠢᠳᠠᠯ ᠬᠤᠶᠠᠷ ᠪᠢᠴᠢᠭ︾ ᠤᠨ ᠲᠦᠷᠢᠮ ᠤᠨ ᠴᠢᠬᠤᠯᠠ ᠴᠢᠨᠠᠷ ᠢ ᠢᠳᠡᠪᠬᠢᠲᠡᠶ ᠤᠬᠠᠭᠤᠯᠬᠤ ᠶᠢᠨ ᠬᠠᠮᠲᠤ ᠪᠥᠬᠦ ᠬᠤᠰᠢᠭᠤᠨ ᠤ ᠬᠥᠮᠦᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠶᠢ ᠠᠬᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠬᠢᠭᠡᠳ ᠬᠥᠮᠦᠨ ᠬᠡᠷᠡᠭᠯᠡᠬᠦ ᠨᠢᠭᠡᠴᠡ ᠶᠢᠨ ᠠᠰᠢᠭ ᠲᠤᠰᠠ ᠶᠢ ᠵᠡᠷᠭᠡᠪᠡᠷ ᠪᠠᠲᠤᠯᠠᠬᠤ ᠶᠢ ᠪᠠᠲᠤᠯᠠᠪᠠ᠃    ᠴᠠᠯᠢᠩ ᠢ ᠬᠠᠮᠲᠤᠪᠠᠷ ᠵᠥᠪᠳᠡᠯᠴᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃    ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠢ ᠬᠠᠮᠲᠤ ᠪᠠᠷ ᠵᠥᠪᠳᠡᠯᠴᠡᠬᠦ ᠵᠢᠭᠠᠨ ᠵᠢᠯᠣᠭᠤᠳᠣᠭᠴᠢ ᠶᠢ ᠲᠣᠮᠢᠯᠠᠨ ᠠᠵᠤ ᠠᠬᠤᠶᠢᠯᠠᠯ ᠳᠤ ᠭᠦᠨᠵᠡᠭᠡᠶᠢᠷᠡᠭᠦᠯᠵᠦ᠂ ᠬᠠᠮᠲᠤ ᠪᠠᠷ ᠵᠥᠪᠳᠡᠯᠴᠡᠬᠦ ᠶᠠᠪᠤᠴᠠ ᠶᠢ ᠪᠥᠬᠦ ᠲᠠᠯ᠎ᠠ ᠪᠠᠷ ᠵᠢᠯᠣᠭᠤᠳᠴᠤ᠂ ᠪᠣᠯᠵᠤᠭ᠎ᠠ ᠶᠣᠰᠣᠭᠠᠷ᠂ ᠲᠥᠯᠥᠭᠡᠯᠡᠭᠴᠢ ᠶᠢ ᠰᠣᠩᠭᠤᠬᠤ᠂ ᠵᠥᠪᠳᠡᠯᠴᠡᠬᠦ ᠭᠤᠤᠯᠳᠠᠯᠭ᠎ᠠ᠂ ᠵᠢᠩᠬᠢᠨᠢ ᠪᠠᠷ ᠵᠥᠪᠳᠡᠯᠴᠡᠬᠦ ᠵᠢᠴᠢ ᠭᠡᠷ᠎ᠡ ᠶᠢᠨ ᠲᠥᠰᠦᠯ ᠢ ᠬᠢᠨᠠᠨ ᠵᠥᠪᠯᠡᠬᠦ ᠵᠡᠷᠭᠡ ᠭᠤᠭᠴᠤᠭ᠎ᠠ ᠶᠢ ᠬᠠᠮᠤᠷᠴᠤ᠂ ᠵᠥᠪᠯᠡᠬᠦ ᠶᠠᠪᠤᠴᠠ ᠶᠢ ᠵᠢᠷᠤᠮᠵᠢᠭᠤᠯᠤᠨ᠂ ᠦᠷ᠎ᠡ ᠳ᠋ᠦᠩ ᠳᠤ ᠬᠠᠤᠯᠢ ᠴᠠᠭᠠᠵᠠ ᠶᠢᠨ ᠬᠦᠴᠦᠨ ᠲᠠᠢ ᠪᠠᠶᠢᠬᠤ ᠶᠢ ᠪᠠᠲᠤᠯᠠᠨ᠎ᠠ᠃ ᠡᠭᠦᠨ ᠤ ᠬᠠᠮᠲᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠠᠰᠠᠭᠤᠳᠠᠯ ᠳᠤ ᠴᠢᠭᠯᠡᠭᠦᠯᠦᠨ᠂ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠴᠢᠩᠭᠠᠳᠬᠠᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠲᠠᠢ ᠬᠤᠯᠪᠣᠭᠳᠠᠬᠤ ᠬᠥᠳᠡᠯᠮᠦᠷᠢᠴᠢᠳ ᠤᠨ ᠨᠢᠭᠡᠴᠡ ᠶᠢ ᠠᠬᠢᠭᠤᠯᠤᠨ ᠬᠠᠮᠲᠤ ᠪᠠᠷ ᠵᠥᠪᠳᠡᠯᠴᠡᠬᠦ ᠲᠦᠷᠢᠮ ᠢ ᠪᠦᠷᠢᠨᠰᠢᠬᠦᠯᠵᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠠᠤᠯᠢ ᠶᠣᠰᠣᠨ ᠤ ᠬᠥᠳᠡᠯᠮᠦᠷᠢ ᠶᠢᠨ ᠡᠷᠬᠡ ᠠᠰᠢᠭ ᠢ ᠪᠥᠬᠦ ᠲᠠᠯ᠎ᠠ ᠪᠠᠷ ᠪᠠᠲᠤᠯᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠢᠭᠲᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠬᠥᠳᠡᠯᠮᠦᠷᠢ ᠶᠢᠨ ᠬᠠᠷᠢᠴᠠᠭ᠎ᠠ ᠶᠢᠨ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠷᠠᠳᠴᠢᠯᠠᠭᠰᠠᠨ ᠬᠠᠮᠢᠶᠠᠷᠤᠯᠲᠠ᠂ ᠬᠠᠮᠲᠤ ᠪᠠᠷ ᠵᠥᠪᠳᠡᠯᠴᠡᠬᠦ᠂ ᠬᠥᠳᠡᠯᠮᠦᠷᠢ ᠶᠢᠨ ᠮᠠᠷᠭᠤᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠤᠨ᠎ᠠ᠃
 
ᠢᠷᠡᠯᠲᠡ᠄ ᠠᠵᠢᠯᠴᠢᠨ ᠤ ᠶᠡᠷᠦᠩᠬᠡᠶ ᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号