ᠪᠠᠶ ᠮᠢᠶᠣᠣ ᠽᠢ ᠪᠠᠯᠭᠠᠰᠤ᠄ ᠬᠠᠭᠤᠴᠢᠨ ᠨᠤᠷᠠᠬᠤ ᠠᠶᠤᠯᠲᠠᠶ ᠬᠡᠷ ᠪᠠᠶᠢᠰᠢᠩ ᠢ ᠪᠠᠶᠢᠴᠠᠭᠠᠨ ᠵᠢᠭᠰᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/7/16
    ᠣᠶᠢᠷ᠎ᠠ ᠳᠤ᠂ ᠰᠢᠷᠦᠭᠦᠨ ᠪᠣᠷᠣᠭᠠᠨ ᠤ ᠨᠥᠯᠥᠭᠡ ᠠᠴᠠ ᠪᠣᠯᠵᠣ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠪᠠᠶ ᠮᠢᠶᠣᠣ ᠽᠢ ᠪᠠᠯᠭᠠᠰᠤ ᠬᠠᠭᠤᠴᠢᠨ ᠨᠤᠷᠠᠬᠤ ᠠᠶᠤᠯᠲᠠᠶ ᠬᠡᠷ ᠪᠠᠶᠢᠰᠢᠩ ᠢ ᠪᠠᠶᠢᠴᠠᠭᠠᠨ ᠭᠠᠷᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃    ᠣᠶᠢᠯᠭᠠᠨ ᠵᠢᠭᠰᠠᠭᠠᠬᠤ ᠶᠠᠪᠤᠴᠠ ᠳᠤ᠂ ᠠᠵᠢᠯᠲᠠᠳ ᠡᠷᠦᠬᠡ ᠳᠠᠷᠠᠭᠠᠯᠠᠨ ᠰᠤᠷᠪᠤᠯᠵᠢᠯᠠᠵᠤ᠂ ᠪᠠᠰᠠ ᠰᠠᠭᠤᠭᠠᠯᠢ ᠠᠷᠠᠳ ᠲᠤ ᠬᠡᠷ ᠪᠠᠶᠢᠰᠢᠩ ᠤᠨ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠶ ᠤᠬᠠᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠦᠭᠰᠢᠭᠦᠷᠢ ᠶᠢᠨ ᠬᠡᠮᠵᠢᠶ᠎ᠡ ᠪᠠᠷ ᠨᠡᠯᠢᠶᠡᠳ ᠬᠥᠩᠭᠡᠨ ᠬᠡᠷ ᠪᠠᠶᠢᠰᠢᠩ ᠢ ᠥᠮᠴᠢᠯᠡᠯ ᠤᠨ ᠡᠷᠬᠡᠲᠦ ᠬᠥᠮᠦᠨ ᠢ ᠰᠢᠪᠠᠳᠠᠨ ᠴᠠᠭ ᠲᠤᠬᠠᠶ ᠳᠤᠨᠢ ᠰᠡᠯᠪᠢᠨ ᠵᠠᠰᠠᠵᠤ ᠪᠠᠬᠢᠵᠢᠭᠦᠯᠦᠨ᠎ᠡ᠃ ᠲᠦᠭᠰᠢᠭᠦᠷᠢ ᠶᠢᠨ ᠬᠡᠮᠵᠢᠶ᠎ᠡ ᠪᠠᠷ ᠨᠡᠯᠢᠶᠡᠳ ᠬᠦᠨᠳᠦ ᠬᠡᠷ ᠪᠠᠶᠢᠰᠢᠩ ᠢ ᠬᠥᠮᠦᠨ ᠠᠴᠠ ᠵᠠᠶᠢᠯᠠᠭᠤᠯᠬᠤ᠂ ᠰᠡᠷᠡᠮᠵᠢᠯᠡᠭᠦᠯᠬᠦ ᠲᠡᠮᠳᠡᠭ ᠲᠠᠯᠪᠢᠬᠤ ᠵᠡᠷᠭᠡ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃    ᠲᠠᠷᠠᠭᠠᠴᠢ ᠶᠢᠨ ᠠᠯᠬᠤᠮ ᠳᠤ᠂ ᠪᠠᠶ ᠮᠢᠶᠣᠣ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠭᠰᠠᠭᠠᠨ ᠪᠠᠶᠢᠴᠠᠭᠠᠵᠤ ᠪᠦᠬᠦᠨ ᠢ ᠬᠠᠮᠤᠷᠬᠤ᠂ ᠥᠨᠴᠥᠭ ᠪᠤᠯᠤᠩ ᠥᠬᠡᠶ ᠪᠠᠶᠢᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠢᠯᠡᠷᠡᠭᠦᠯᠬᠦ ᠪᠠ ᠠᠷᠢᠯᠭᠠᠵᠤ᠂ ᠬᠡᠷ ᠪᠠᠶᠢᠰᠢᠩ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠰᠠᠭᠤᠭᠠᠯᠢ ᠠᠷᠠᠳ ᠲᠤ ᠠᠮᠤᠷ ᠲᠦᠪᠰᠢᠨ᠂ ᠲᠣᠭᠲᠠᠭᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号