ᠲᠠᠶᠢᠭ᠎ᠠ ᠮᠤᠳᠤ ᠪᠠᠯᠭᠠᠰᠤ ᠦᠶᠡᠷ ᠢ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠵᠤ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠬᠤ ᠶᠢᠨ ᠲᠥᠯᠥᠭᠡ᠂ 7ᠰᠠᠷ᠎ᠠ ᠶᠢᠨ 15 ᠤ ᠡᠳᠦᠷ᠂ ᠲᠠᠶᠢᠭ᠎ᠠ ᠮᠣᠳᠤ ᠪᠠᠯᠭᠠᠰᠤ ᠦᠶᠡᠷ ᠢ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠧᠦ ᠨᠠᠨ ᠡᠷᠬᠢᠯᠡᠵᠦ᠂ ᠪᠠᠯᠭᠠᠰᠤᠨ ᠤ ᠳᠡᠳ᠋ ᠳᠠᠷᠤᠭ᠎ᠠ ᠯᠢ ᠬᠠᠢ ᠳ᠋ᠦᠩ ᠬᠤᠷᠠᠯ ᠳᠤ ᠣᠷᠣᠯᠴᠠᠵᠤ᠂ ᠡᠯ᠎ᠡ ᠲᠣᠰᠬᠤᠨ ︵ᠨᠡᠶᠢᠭᠡᠮ ᠲᠣᠭᠤᠷᠢᠭ ︶ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ︽ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ ᠤᠬᠠᠮᠰᠠᠷ᠂ ᠪᠦᠬᠦ ᠲᠠᠯ᠎ᠠ ᠶᠢᠨ ᠤᠬᠠᠮᠰᠠᠷ᠂ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠷᠭᠠᠴᠠᠭᠠᠵᠤ᠂ ᠬᠠᠷᠢᠶ᠎ᠠ ᠣᠷᠣᠨ ᠤ ᠪᠠᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃    ᠬᠤᠷᠠᠯ ᠠᠴᠠ᠂ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠵᠦ᠂  ᠴᠤᠭ ᠢᠶᠠᠷ ᠠᠳᠬᠤᠨ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠪᠠ ᠰᠢᠢᠳᠪᠦᠷᠢᠯᠡᠬᠦ ᠬᠡᠷᠡᠭᠲᠡᠶ᠃ ᠬᠤᠶᠠᠷ ᠲᠤ᠂ ᠦᠶᠡᠷ ᠢ ᠰᠡᠷᠭᠡᠶᠢᠯᠡᠬᠦ ᠠᠵᠢᠯ ᠤᠨ ᠭᠤᠤᠯᠳᠠᠯᠭ᠎ᠠ ᠶᠢ ᠰᠠᠶᠢᠲᠤᠷ ᠠᠳᠬᠤᠬᠤ ᠬᠡᠷᠡᠭᠲᠡᠶ᠃ ᠠᠭᠤᠯᠠᠨ ᠭᠤᠤ᠂ ᠵᠤᠭᠠᠴᠠᠭᠰᠠᠳ ᠲᠥᠪᠯᠡᠷᠡᠭᠰᠡᠨ ᠭᠠᠵᠠᠷ ᠣᠷᠣᠨ᠂ ᠠᠭᠤᠯᠠ ᠳᠠᠭᠠᠤ ᠭᠠᠵᠠᠷ ᠣᠷᠣᠨ ᠵᠢᠴᠢ ᠭᠠᠵᠠᠷ ᠤᠨ ᠪᠠᠶᠢᠴᠠ ᠬᠤᠲᠣᠭᠤᠷ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠳᠤ ᠪᠦᠬᠦ ᠲᠠᠯ᠎ᠠ ᠪᠠᠷ ᠭᠦᠨᠵᠡᠭᠡᠶᠢᠷᠡᠵᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯ ᠠᠴᠠ ᠵᠠᠶᠢᠯᠠᠬᠤ᠂ ᠠᠶᠤᠯ ᠠᠴᠠ ᠠᠪᠤᠷᠠᠨ ᠲᠤᠰᠠᠯᠠᠬᠤ᠂ ᠭᠠᠮᠰᠢᠭ ᠠᠴᠠ ᠠᠪᠤᠷᠠᠨ ᠲᠤᠰᠠᠯᠠᠬᠤ ᠵᠡᠷᠭᠡ ᠠᠵᠢᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠲᠣᠰᠬᠤᠨ ︵ᠨᠡᠶᠢᠭᠡᠮ ᠲᠣᠭᠤᠷᠢᠭ︶ ᠬᠠᠷᠢᠶ᠎ᠠ ᠣᠷᠣᠨ ᠤ ᠪᠠᠨ ᠭᠤᠣᠯ ᠤᠨ ᠵᠠᠮ᠂ ᠬᠥᠭᠦᠷᠭᠡ ᠶᠢᠨ ᠭᠤᠯᠳᠤᠩ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠷᠢᠶᠠᠲᠤ ᠣᠷᠣᠨ ᠤ ᠳᠣᠲᠣᠷᠠᠬᠢ ᠬᠠᠭᠤᠴᠢᠨ ᠬᠡᠷ ᠪᠠᠶᠢᠰᠢᠩ᠂ ᠨᠤᠷᠠᠬᠤ ᠠᠶᠤᠯᠲᠠᠶ ᠬᠡᠷᠡᠮ ᠵᠡᠷᠭᠡ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠢᠯᠠᠩᠭᠤᠶ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠪᠤᠨ ᠳᠠᠭᠠᠳᠬᠠᠯ ᠵᠡᠷᠭᠡ ᠣᠨᠴᠠᠭᠠᠶ ᠬᠥᠮᠦᠰ ᠤᠨ ᠰᠠᠭᠤᠵᠤ ᠪᠠᠶᠢᠭ᠎ᠠ ᠬᠡᠷ ᠪᠠᠶᠢᠰᠢᠩ ᠢ ᠡᠷᠬᠡᠪᠰᠢ ᠤᠷᠢᠳᠴᠢᠯᠠᠨ ᠰᠢᠯᠵᠢᠭᠦᠯᠦᠨ ᠪᠣᠳᠠᠲᠠᠶᠢᠵᠢᠭᠤᠯᠬᠤ ᠬᠡᠷᠡᠭᠲᠡᠶ᠃ ᠲᠦᠷᠪᠡ ᠳᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ᠃ ᠡᠯ᠎ᠡ ᠲᠣᠰᠬᠤᠨ ︵ᠨᠡᠶᠢᠭᠡᠮ ᠲᠣᠭᠤᠷᠢᠭ︶ ᠨᠡᠶᠢᠲᠡᠯᠡᠭᠰᠡᠨ ᠦᠶᠡᠷ ᠢ ᠰᠡᠷᠭᠡᠶᠢᠯᠡᠬᠦ ᠮᠡᠳᠡᠪᠡᠯ ᠵᠣᠬᠢᠬᠤ᠂ ᠰᠡᠷᠡᠮᠵᠢᠯᠡᠭᠦᠯᠬᠦ ᠮᠡᠳᠡᠭᠡ ᠵᠠᠩᠭᠢ ᠵᠡᠷᠭᠡ ᠶᠢ ᠴᠠᠭ ᠲᠤᠬᠠᠶ ᠳᠤᠨᠢ ᠲᠣᠰᠬᠤᠨ ᠤ ᠠᠷᠠᠳ ᠤᠨ ᠪᠦᠯᠬᠦᠮ᠂ ᠸᠢᠴᠠᠲ ᠤᠨ ᠴᠤᠭᠯᠠᠷᠠᠯ ᠵᠡᠷᠭᠡ ᠳᠤ ᠳᠠᠮᠵᠢᠭᠤᠯᠤᠨ ᠲᠠᠷᠬᠠᠭᠠᠵᠤ᠂ ᠣᠯᠠᠨ ᠲᠦᠮᠡᠨ ᠤ ᠦᠶᠡᠷ ᠤᠨ ᠭᠠᠮᠰᠢᠭ ᠢ ᠠᠷᠭᠠᠴᠠᠬᠤ ᠠᠶᠤᠯ ᠲᠦᠭᠰᠢᠭᠦᠷᠢ ᠶᠢᠨ ᠦᠵᠡᠯ ᠤᠬᠠᠮᠰᠠᠷ ᠪᠣᠯᠤᠨ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ ᠳᠤᠨᠢ ᠰᠡᠷᠭᠡᠶᠢᠯᠡᠵᠦ᠂ ᠦᠶᠡᠷ ᠤᠨ ᠭᠠᠮᠰᠢᠭ ᠡᠭᠦᠰᠬᠦ ᠶᠢ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃
 
ᠢᠷᠡᠯᠲᠡ᠄ ᠲᠠᠶᠢᠭ᠎ᠠ ᠮᠣᠳᠤ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号