ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠪᠠᠶᠢᠷᠢᠯᠠᠭᠤᠯᠤᠯᠲᠠ ᠵᠢᠴᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠮᠡᠷᠭᠡᠵᠢᠯ ᠤᠨ ᠤᠬᠠᠭᠤᠯᠤᠨ ᠲᠤᠤᠱᠯᠠᠭᠤᠯᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/7/16
   ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠪᠠᠶᠢᠷᠢᠯᠠᠭᠤᠯᠤᠯᠲᠠ ᠵᠢᠴᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠮᠡᠷᠭᠡᠵᠢᠯ ᠤᠨ ᠤᠬᠠᠭᠤᠯᠤᠨ ᠲᠤᠤᠱᠯᠠᠭᠤᠯᠬᠤ ᠬᠤᠷᠠᠯ ᠳᠤ ᠢᠳᠡᠪᠬᠢᠲᠡᠶ ᠣᠷᠣᠯᠴᠠᠪᠠ᠃    ᠬᠤᠷᠠᠯ ᠠᠴᠠ᠂ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠬᠤᠶᠠᠷ ᠲᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠨᠢᠭᠲᠠᠷᠠᠭᠤᠯᠵᠤ᠂ ᠪᠣᠷᠣᠭᠠᠨ ᠤ ᠪᠠᠶᠢᠳᠠᠯ ᠤᠨ ᠬᠤᠪᠢᠷᠠᠯᠲᠠ ᠶᠢ ᠴᠠᠭ ᠲᠤᠬᠠᠢ ᠳᠤᠨᠢ ᠡᠵᠡᠮᠰᠢᠨ᠎ᠡ᠃ ᠭᠤᠷᠪᠠ ᠳᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠳᠥᠷᠪᠡ ᠳᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠢᠳᠡᠪᠬᠢᠲᠡᠶ ᠥᠷᠨᠢᠭᠦᠯᠬᠦ ᠪᠠᠷ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠦᠢᠴᠡᠳ ᠡᠳ᠋ ᠪᠣᠳᠠᠰ ᠢ ᠨᠥᠭᠡᠴᠡᠯᠡᠪᠡ᠃ ᠲᠠᠪᠤ ᠳᠤ᠂ ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷᠯᠡᠨ ᠳᠠᠭᠠᠭᠤᠯᠬᠤ ᠤᠳᠤᠷᠢᠳᠤᠯᠭ᠎ᠠ ᠪᠠ ᠵᠢᠵᠢᠭᠦᠷᠯᠡᠭᠴᠢ ᠶᠢ ᠲᠣᠳᠣᠷᠬᠠᠶᠢᠯᠠᠵᠤ᠂ ᠵᠢᠵᠢᠭᠦᠷᠯᠡᠬᠦ ᠰᠠᠬᠢᠯᠭ᠎ᠠ ᠪᠠᠲᠤ ᠶᠢ ᠴᠢᠩᠭᠠᠷᠠᠭᠤᠯᠤᠨ᠂ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢ ᠦᠨᠡᠨ ᠬᠦ ᠪᠡᠶᠡᠯᠡᠭᠦᠯᠵᠦ᠂ ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ᠂ ᠣᠷᠬᠢᠭᠳᠠᠭᠤᠯᠤᠨ ᠮᠡᠳᠡᠭᠦᠯᠬᠦ ᠶᠢ ᠡᠷᠡᠰ ᠬᠤᠷᠢᠭᠯᠠᠬᠤ ᠬᠡᠷᠡᠭᠲᠡᠶ᠃ ᠦᠶᠡᠷ ᠤᠨ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃    ᠬᠤᠷᠠᠯ ᠳᠡᠭᠡᠷ᠎ᠡ ᠵᠠᠰᠠᠮᠠᠯ ᠵᠠᠮ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠮᠡᠷᠭᠡᠵᠢᠯ ᠤᠨ ᠲᠤᠬᠠᠶ ᠪᠣᠯᠪᠠᠰᠤᠷᠠᠯ ᠬᠢᠵᠡᠶ᠃ ᠠᠶᠤᠯ ᠲᠦᠭᠰᠢᠭᠦᠷᠢ ᠶᠢᠨ ᠳᠠᠯᠳᠠ ᠭᠡᠮ ᠢ ᠢᠯᠭᠠᠨ ᠲᠠᠨᠢᠬᠤ ᠲᠠᠯ᠎ᠠ ᠪᠠᠷ ᠂ ᠲᠤᠰᠬᠠᠶ ᠮᠡᠷᠭᠡᠵᠢᠯᠲᠡᠳ ᠭᠠᠵᠠᠷ ᠤᠨ ᠪᠠᠶᠢᠴᠠ᠂ ᠭᠠᠵᠠᠷ ᠰᠢᠨᠵᠢᠯᠡᠭᠡᠨ ᠤ ᠪᠦᠲᠦᠴᠡ᠂ ᠤᠰᠤᠨ ᠤ ᠨᠥᠬᠦᠴᠡᠯ ᠵᠡᠷᠭᠡ ᠬᠦᠴᠦᠨ ᠵᠦᠢᠯ ᠢ ᠬᠡᠷᠬᠢᠨ ᠥᠩᠭᠡᠷᠡᠭᠡᠵᠦ᠂ ᠵᠠᠰᠠᠮᠠᠯ ᠵᠠᠮ ᠳᠠᠭᠠᠤ ᠨᠤᠷᠠᠵᠤ ᠶᠡᠭᠦᠷᠡᠬᠦ᠂ ᠶᠡᠭᠦᠷᠡᠬᠦ ᠪᠠ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠮᠰᠢᠭ ᠪᠣᠯᠤᠨ ᠣᠷᠣᠰᠢᠵᠤ ᠮᠡᠳᠡᠬᠦ ᠠᠶᠤᠯ ᠲᠦᠭᠰᠢᠭᠦᠷᠢ ᠶᠢᠨ ᠴᠡᠭ ᠢ ᠨᠠᠷᠢᠨ ᠲᠠᠨᠢᠯᠴᠠᠭᠤᠯᠵᠠᠶ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠦᠶᠡᠷ ᠤᠨ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠵᠠᠮ ᠬᠠᠷᠢᠯᠴᠠᠭᠠᠨ ᠤ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号