ᠬᠥᠬᠡᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠰᠤᠨ ᠳᠡᠭᠡᠷᠡᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
  ᠤᠯᠠᠭᠠᠨ ᠵᠠᠭᠠᠯᠮᠠᠶᠢᠲᠠᠨ ᠤ ᠰᠢᠰᠲ᠋ᠧᠮ ᠤᠨ ᠤᠰᠤᠨ ᠳᠡᠭᠡᠷᠡᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠶ᠃ 7 ᠰᠠᠷ᠎ᠠ ᠶᠢᠨ 2 ᠤ ᠡᠳᠦᠷ᠂ ᠬᠥᠬᠡᠬᠤᠲᠠ ᠶᠢᠨ ᠤᠯᠠᠭᠠᠨ ᠵᠠᠭᠠᠯᠮᠠᠢᠳᠠᠨ ᠤ ᠨᠡᠢᠭᠡᠮᠯᠢᠭ ᠤᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠪᠠᠢᠩᠭᠤ ᠶᠢᠨ ᠳᠡᠳ᠋ ᠳᠠᠷᠤᠭ᠎ᠠ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠢᠨ ᠭᠦᠸᠧ ᠨᠠᠷ ᠤᠯᠠᠭᠠᠨ ᠵᠠᠭᠠᠯᠮᠠᠢᠳᠠᠨ ᠤ ᠪᠠᠴᠢᠮ ᠪᠠᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠪᠦᠲᠦᠭᠡᠨ ᠪᠠᠢᠭᠤᠯᠤᠯᠲᠠ ᠶᠢᠨ ᠪᠡᠯᠡᠳᠭᠡᠯ ᠭᠠᠵᠠᠷ ᠲᠤ ᠱᠢᠨᠵᠢᠯᠡᠨ ᠪᠠᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠭᠦᠸᠧ ᠵᠢᠶᠦ᠋ᠨ ᠯᠦᠩ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠱᠢ ᠯᠢ ᠵᠢᠶᠦ᠋ᠨ ᠨᠡᠷ ᠪᠠᠷ᠎ᠠ ᠪᠣᠯᠤᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃    ᠯᠢᠦ ᠶᠢᠨ ᠭᠦᠸᠧ ᠨᠡᠶᠢᠭᠡᠮᠯᠢᠭ ᠤᠨ ᠳᠠᠷᠤᠭ᠎ᠠ ᠨᠠᠷ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠰᠣᠩᠭᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠪᠠᠶᠢᠷᠢᠰᠢᠭᠤᠯᠤᠯᠲᠠ᠂ ᠴᠢᠳᠠᠮᠵᠢ ᠶᠢᠨ ᠪᠠᠶᠢᠷᠢᠯᠠᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠲᠤᠬᠠᠶ ᠬᠠᠮᠢᠶ᠎ᠠ ᠪᠥᠬᠦᠶ ᠤᠴᠢᠷ ᠶᠠᠪᠤᠳᠠᠯ ᠢ ᠰᠣᠨᠣᠰᠴᠤ᠂ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠠᠷᠢᠯᠴᠠᠨ ᠰᠣᠯᠢᠯᠴᠠᠪᠠ᠃ ᠡᠭᠦᠨ ᠤ ᠬᠠᠮᠲᠤ ᠤᠯᠠᠭᠠᠨ ᠵᠠᠭᠠᠯᠮᠠᠶᠢᠲᠠᠨ ᠤ ᠤᠰᠤᠨ ᠳᠡᠭᠡᠷᠡᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠪᠠᠶᠢᠭᠤᠯᠤᠯᠲᠠ᠂ ᠰᠠᠭᠤᠷᠢᠨ ᠭᠠᠵᠠᠷ ᠤᠨ ᠲᠠᠷᠠᠭᠠᠴᠢ ᠶᠢᠨ ᠠᠯᠬᠤᠮ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠡᠷᠭᠡ ᠳᠤ ᠵᠢᠯᠣᠭᠤᠳᠬᠤ ᠰᠠᠨᠠᠯ ᠳᠤᠷᠠᠳᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠤᠰᠤᠨ ᠳᠡᠭᠡᠷᠡᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠤᠨ ᠰᠠᠭᠤᠷᠢᠨ ᠭᠠᠵᠠᠷ ᠤᠨ ᠠᠵᠢᠯ ᠤᠨ ᠬᠠᠮᠢᠶ᠎ᠠ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠳᠣᠤᠷ᠎ᠠ᠂ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号