ᠲᠦᠮᠡᠳ ᠵᠡᠭᠦᠨ ᠬᠤᠰᠢᠭᠤ ᠬᠥᠳᠡᠯᠮᠦᠷᠢ ᠬᠦᠴᠦᠨ ᠢ ᠲᠣᠮᠢᠯᠠᠬᠤ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/16
  ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ ᠶᠢᠨ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠬᠤᠰᠢᠭᠤᠨ ᠤ ᠬᠡᠪᠴᠢᠶᠡᠨ ᠳᠤ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠰᠬᠠᠶ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠥᠷ ᠮᠣᠩᠭᠤᠯ ᠤᠨ ᠴᠤᠸᠠᠩ ᠶᠤᠸᠠᠢ ᠬᠥᠮᠦᠨ ᠤ ᠬᠦᠴᠦᠨ ᠤ ᠡᠬᠢ ᠪᠠᠶᠠᠯᠢᠭ ᠤᠨ  ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠠᠵᠢᠯ᠂ ᠵᠥᠩ ᡁᠢ ︵ᠪᠡᠭᠡᠵᠢᠩ︶  ᠠᠵᠤ ᠠᠬᠤᠶ ᠮᠡᠷᠭᠡᠵᠢᠯ ᠤᠨ ᠬᠠᠮᠲᠤᠷᠠᠯᠴᠠᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠵᠡᠷᠭᠡ 5 ᠨᠢᠭᠡᠴᠡ ᠶᠢ ᠪᠠᠶᠢᠴᠠᠭᠠᠪᠠ᠃    ᠪᠠᠶᠢᠴᠠᠭᠠᠬᠤ ᠶᠠᠪᠤᠴᠠ ᠳᠤ᠂ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠢᠨᠲ᠋ᠧᠷ ᠰᠦᠯᠵᠢᠶ᠎ᠡ ᠪᠠᠷ ᠬᠠᠶᠢᠬᠤ᠂ ᠲᠣᠮᠣ ᠳ᠋ᠠᠶᠢᠲ᠋ᠠ ᠪᠠᠷ ᠰᠢᠭᠰᠢᠨ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ᠂ ᠡᠯ᠎ᠡ ᠲᠥᠷᠥᠯ ᠤᠨ ᠵᠠᠭᠤᠴᠢᠯᠠᠭᠤᠷ ᠤᠨ ᠮᠡᠳᠡᠭᠡᠯᠡᠬᠦ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠲᠤᠰᠬᠠᠭᠰᠠᠨ ᠠᠰᠠᠭᠤᠳᠠᠯ ᠤᠨ ᠰᠦᠪᠡᠭᠴᠢ ᠲᠠᠢ ᠤᠶᠠᠯᠳᠤᠭᠤᠯᠤᠨ᠂ ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠦᠬᠦᠨ ᠢ ᠬᠠᠮᠤᠷᠤᠭᠤᠯᠵᠤ᠂ ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠪᠠ᠃ ᠲᠤᠰᠬᠠᠶ ᠵᠦᠢᠯ ᠤᠨ ᠪᠠᠶᠢᠴᠠᠭᠠᠬᠤ ᠳᠤᠭᠤᠶᠢᠯᠠᠩ ᠨᠢ ᠬᠥᠳᠡᠯᠮᠦᠷᠢ ᠶᠢᠨ ᠪᠠᠲᠤᠯᠠᠭ᠎ᠠ ᠶᠢᠨ ᠪᠢᠴᠢᠭ ᠢᠶᠠᠷ ᠬᠢᠨᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ ᠬᠥᠳᠡᠯᠮᠦᠷᠢ ᠦᠢᠯᠡᠴᠢᠯᠡᠭᠡ ᠲᠣᠮᠢᠯᠠᠭᠰᠠᠨ ᠨᠢᠭᠡᠴᠢ ᠶᠢᠨ ᠬᠥᠳᠡᠯᠮᠦᠷᠢ ᠶᠢᠨ ᠭᠡᠷ᠎ᠡ ᠲᠣᠭᠲᠠᠭᠰᠠᠨ ᠪᠠ ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠭᠰᠡᠨ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠡ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠮᠠᠨ ᠤ ᠬᠤᠰᠢᠭᠤᠨ ᠤ ᠬᠥᠳᠡᠯᠮᠦᠷᠢ ᠦᠢᠯᠡᠴᠢᠯᠡᠭᠡ ᠲᠣᠮᠢᠯᠠᠭᠰᠠᠨ ᠪᠠᠶᠢᠭᠤᠯᠤᠮᠵᠢ ᠶᠢᠨ ᠬᠥᠮᠦᠨ ᠬᠡᠷᠡᠭᠯᠡᠬᠦ ᠵᠢᠴᠢ ᠠᠵᠢᠯᠴᠢᠨ ᠬᠡᠷᠡᠭᠯᠡᠬᠦ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠵᠤ᠂ ᠡᠯ᠎ᠡ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠶᠢᠨ ᠬᠠᠤᠯᠢ ᠶᠣᠰᠣᠭᠠᠷ ᠲᠣᠮᠢᠯᠠᠬᠤ᠂ ᠠᠵᠢᠯᠴᠢᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号