ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
     ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ 7 ᠰᠠᠷ᠎ᠠ ᠶᠢᠨ 15 ᠤ ᠡᠳᠦᠷ᠂ ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠭᠦᠸᠧ ᠵᠢᠶᠠᠨ ᠵᠢᠶᠦ᠋ᠨ ᠡᠷᠭᠢᠯᠡᠵᠦ᠂ ᠪᠥᠬᠦ ᠨᠠᠮ ᠤᠨ ᠭᠡᠰᠢᠭᠦᠨ ᠺᠠᠳ᠋ᠷ ᠣᠷᠣᠯᠴᠠᠵᠠᠶ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠢᠲᠡᠭᠡᠮᠵᠢ ᠶᠢᠨ ᠰᠢᠰᠲ᠋ᠧᠮ ᠤᠨ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠴᠢᠬᠤᠯᠠᠴᠢᠯᠠᠬᠤ ᠶᠢᠨ ᠬᠠᠮᠲᠤ ᠡᠯ᠎ᠡ ᠲᠠᠰᠤᠭ ᠤᠨ ᠬᠢᠨ ᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠦᠢᠯᠡᠳᠦᠯ ᠵᠢᠴᠢ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠢᠲᠡᠭᠡᠮᠵᠢ ᠶᠢᠨ ᠠᠮᠠᠯᠠᠯᠲᠠ᠂ ᠢᠲᠡᠭᠡᠮᠵᠢ ᠶᠢᠨ ᠦᠨᠡᠯᠡᠯᠲᠡ᠂ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠵᠡᠷᠭᠡ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠪᠠᠷ ᠬᠠᠷᠠᠯᠲᠠ ᠪᠣᠯᠭᠠᠨ᠂ ︽ᠲᠤᠭ᠎ᠠ ᠪᠦᠷᠢᠳᠬᠡᠯ ᠤᠨ ᠬᠠᠤᠯᠢ︾ ᠶᠢ ᠲᠤᠭᠤᠰᠢᠯᠠᠭᠤᠯᠬᠤ ᠪᠠᠷ ᠭᠠᠷᠳᠠᠴᠠ ᠪᠣᠯᠭᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠡᠯᠪᠡᠷᠢ ᠶᠢᠨ ᠣᠯᠠᠨ ᠶᠠᠩᠵᠤ ᠶᠢᠨ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠲᠦᠷᠢᠮ ᠤᠨ ᠦᠵᠡᠯᠲᠡ ᠶᠢ ᠴᠢᠩᠭᠠᠳᠬᠠᠨ᠂ ᠰᠠᠭᠤᠷᠢ ᠲᠤᠭ᠎ᠠ ᠪᠠᠷᠢᠮᠲᠠ ᠶᠢ ᠪᠠᠬᠢᠵᠢᠭᠦᠯᠵᠦ᠂ ᠦᠨᠡᠨ ᠪᠣᠳᠠᠲᠠᠶ ᠠᠵᠢᠯ ᠢᠶᠠᠷ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠡᠷᠡᠰ ᠭᠤᠶᠢᠪᠢᠰᠢ ᠥᠬᠡᠶ ᠠᠬᠢᠭᠤᠯᠵᠤ᠂ ᠢᠲᠡᠭᠡᠮᠵᠢ ᠶᠢᠨ ᠵᠢᠷᠤᠮᠵᠢᠯ ᠢ ᠬᠢᠴᠢᠶᠡᠩᠭᠦ᠋ᠢᠯᠡᠨ ᠰᠠᠬᠢᠵᠤ᠂ ᠢᠲᠡᠭᠡᠯ ᠠᠯᠳᠠᠬᠤ ᠠᠶᠤᠯ ᠲᠦᠭᠰᠢᠭᠦᠷᠢ ᠶᠢ ᠰᠡᠷᠭᠡᠶᠢᠯᠡᠨ᠂ ︽ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠲᠦᠮᠡᠳ ᠵᠡᠭᠦᠨ ᠬᠤᠰᠢᠭᠤᠨ ᠤ ᠠᠵᠤ ᠠᠬᠤᠶᠢᠯᠠᠯ ᠤᠨ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号