ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠣᠷᠴᠢᠮᠬᠠᠨ ᠪᠥᠵᠢᠭᠲᠦ ᠵᠦᠴᠦᠭᠡ ︽ᠮᠣᠷᠢᠲᠤ | ᠴᠡᠷᠢᠭ︾ ᠤᠨ ᠪᠦᠭᠦ ᠤᠯᠤᠰ ᠲᠠᠬᠢ ᠲᠣᠭᠤᠷᠢᠨ ᠲᠤᠬᠯᠠᠯᠳᠠ ᠶᠢᠨ ᠠᠩᠬᠠᠨ ᠤ ᠥᠷᠲᠡᠭᠡᠨ ᠤ ᠲᠣᠬᠯᠠᠯᠲᠠ ᠪᠠᠨ | ᠭᠦᠭᠡᠬᠤᠲᠠ ᠳᠤ ᠲᠣᠭᠯᠠᠭᠰᠠᠨ ᠤ ᠲᠠᠷᠠᠭ᠎ᠠ ᠭᠤᠸᠠᠩᠰᠢ ᠶᠢᠨ ᠨᠠᠨᠨᠢᠩ ᠲᠢᠶᠠᠳ᠋ᠷ ᠲᠤ ᠲᠣᠭᠯᠠᠬᠤ ᠪᠠᠷ ᠮᠣᠷᠳᠠᠵᠤ᠂ ᠪᠦᠭᠦ | ᠤᠯᠤᠰ ᠤᠨ 7 ᠬᠤᠲᠠ ᠶᠢᠨ 12 ᠲᠠᠯᠠᠪᠤᠷ ᠲᠣᠬᠯᠠᠯᠲᠠ ᠪᠠᠨ ᠡᠬᠢᠯᠡᠭᠦᠯᠵᠡᠢ᠃ ᠡᠨᠡ ᠵᠢᠯ ᠥᠪᠥᠷ ᠮᠣᠩᠭᠤᠯ ᠤᠨ | ᠤᠷᠠᠯᠢᠭ ᠵᠦᠴᠦᠭᠡ ᠶᠢᠨ ᠬᠦᠷᠢᠶᠡᠯᠡᠩ ᠨᠢ ᠪᠥᠵᠢᠭᠲᠦ ᠵᠦᠴᠦᠭᠡ ︽ᠮᠣᠷᠢᠲᠤ ᠴᠡᠷᠢᠭ︾᠂ ᠮᠣᠷᠢᠨ ᠬᠤᠭᠤᠷ ᠤᠨ | ᠲᠤᠰᠬᠠᠢ ᠳᠠᠯᠠᠪᠠᠢ ᠳᠠᠭᠤᠤ ᠬᠥᠭᠵᠢᠮ ᠤᠨ ᠦᠳᠡᠰᠢᠯᠡᠭᠡ ︽ᠲᠦᠮᠡᠨ ᠠᠭᠲᠠ ᠶᠢᠨ ᠲᠦᠪᠡᠷᠭᠡᠨ︾᠂ ᠼᠢᠷᠺ | ᠬᠡᠦᠬᠡᠳ ᠤᠨ ᠵᠦᠴᠦᠭᠡ ︽ᠯᠢᠦ ᠰᠢᠶᠣᠣ ᠴᠤᠸᠠᠩ ᠵᠢᠷᠤᠭ ᠰᠤᠷᠤᠬᠰᠠᠨ ᠨᠢ︾᠂ ᠨᠠᠶᠢᠷᠠᠯ ᠬᠥᠭᠵᠢᠮ ︽ᠲᠤᠭ | ᠲᠡᠮᠳᠡᠭ︾ ᠵᠡᠷᠭᠡ 9 ᠰᠣᠳᠣᠨ ᠲᠣᠬᠯᠠᠯᠲᠠ ᠪᠠᠨ ᠪᠦᠭᠦ ᠤᠯᠤᠰ ᠲᠤ ᠲᠣᠭᠤᠷᠢᠨ ᠲᠣᠭᠯᠠᠵᠤ᠂ ᠳᠤᠮᠳᠠᠳᠤ ᠣᠷᠣᠨ᠂ | ᠬᠤᠸᠠᠨᠠᠨ ᠣᠷᠣᠨ᠂ ᠵᠢᠶᠠᠩᠰᠤ ᠵᠧᠵᠢᠶᠠᠩ ᠱᠠᠩᠬᠠᠢ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ | ᠣᠷᠣᠨ ᠤ ᠲᠣᠮᠣ ᠳᠤᠮᠳᠠ ᠬᠤᠳᠠ ᠳᠤ ᠨᠡᠶᠢᠳᠡ 100 ᠭᠠᠷᠤᠢ ᠳᠠᠯᠠᠪᠠᠢ ᠲᠣᠭᠯᠠᠬᠤ ᠪᠣᠯᠣᠨ᠎ᠠ᠃ ᠥᠪᠥᠷ | ᠮᠣᠩᠭᠤᠯ ᠤᠨ ᠤᠯᠠᠭᠠᠨ ᠲᠢᠶᠠᠳ᠋ᠷ ᠤᠷᠠᠨ ᠲᠣᠬᠯᠠᠯᠲᠠ ᠶᠢᠨ ᠺᠤᠮᠫᠠᠨᠢ ᠶᠢᠨ ᠬᠡᠷᠡᠭ ᠮᠡᠳᠡᠭᠴᠢ᠂ ᠳᠡᠳ᠋ ᠶᠡᠷᠦᠩᠬᠡᠢ | ᠳᠠᠭᠠᠭᠠᠮᠠᠯ ᠮᠡᠷᠭᠡᠨ᠄ ︽ᠲᠤᠰ ᠤᠳᠠᠭᠠᠨ ᠤ ᠲᠣᠭᠤᠷᠢᠨ ᠲᠣᠬᠯᠠᠯᠲᠠ ᠶᠢ ᠪᠦᠦ ᠯᠢ ᠵᠦᠴᠦᠭᠡ ᠶᠢᠨ ᠬᠦᠷᠢᠶᠡᠯᠡᠩ᠂ | ᠵᠢᠦᠢ ᠴᠧᠩ ᠬᠦᠷᠢᠶᠡᠯᠡᠩ ᠲᠠᠢ ᠬᠠᠮᠲᠤᠷᠠᠯᠴᠠᠵᠤ ᠶᠠᠪᠤᠭᠳᠠᠭᠤᠯᠵᠤ ᠪᠠᠶᠢᠭ᠎ᠠ ᠶᠤᠮ᠃ ᠡᠨᠡ 9 ᠲᠤᠬᠯᠠᠯᠳᠠ ᠨᠢ ᠮᠠᠨ ᠤ | ᠤᠮᠠᠷᠠᠲᠤ ᠬᠢᠯᠢ ᠶᠢᠨ ᠰᠣᠶᠣᠯ ᠤᠨ ᠣᠯᠠᠨ ᠤᠷᠠᠯᠢᠭ ᠤᠨ ᠲᠥᠷᠥᠯ ᠢ ᠬᠠᠮᠤᠷᠴᠤ᠂ ᠮᠥᠨ ᠴᠦ ᠤᠮᠠᠷᠠᠲᠤ ᠬᠢᠯᠢ ᠶᠢᠨ | ᠰᠣᠶᠣᠯ ᠤᠨ ᠭᠠᠳᠠᠭᠰᠢ ᠭᠠᠷᠬᠤ ᠴᠢᠬᠤᠯᠠ ᠠᠷᠭ᠎ᠠ ᠪᠠᠷᠢᠯ ᠪᠣᠯᠣᠨ᠎ᠠ︾ ᠭᠡᠵᠦ ᠲᠠᠨᠢᠯᠴᠠᠭᠤᠯᠪᠠ᠃ 9 ᠰᠣᠳᠣᠨ | ᠲᠣᠬᠯᠠᠯᠲᠠ ᠶᠢᠨ ᠳᠦᠷᠦᠯ ᠵᠦᠢᠯ ᠳᠤ ᠥᠪᠥᠷ ᠮᠣᠩᠭᠤᠯ ᠤᠨ ᠠᠩᠬᠠᠳᠠᠭᠴᠢ ᠠᠺᠠᠪᠧᠶᠢᠯᠠ ᠮᠠᠶ᠋ᠢᠭ ᠤᠨ | ᠳᠠᠭᠤᠯᠠᠯᠭ᠎ᠠ ᠶᠢᠨ ᠬᠠᠮᠲᠤᠯᠢᠭ ᠤᠨ ︽ᠠᠶᠠᠯᠭᠤᠲᠤ ᠠᠶᠠᠨ︾ ᠲᠤᠬᠯᠠᠯᠳᠠ᠂ ᠦᠨᠳᠦᠰᠦᠲᠡᠨ ᠤ ᠨᠠᠶᠢᠷᠠᠯ ᠬᠥᠭᠵᠢᠮ ︽ | ᠮᠣᠩᠭᠤᠯ ᠮᠣᠷᠢ︾ ᠪᠤᠢ᠃ ᠲᠡᠷᠡ ᠨᠢ ᠭᠦᠨ ᠵᠤᠵᠠᠭᠠᠨ ᠤᠳᠬ᠎ᠠ ᠠᠭᠤᠯᠭ᠎ᠠ ᠪᠦᠬᠦᠢ ᠤᠮᠠᠷᠠᠲᠤ ᠬᠢᠯᠢ ᠶᠢᠨ ᠰᠣᠶᠣᠯ ᠢ | ᠠᠮᠢᠳᠤᠯᠢᠭ ᠰᠠᠶᠢᠬᠠᠨ ᠲᠠᠶᠢᠰᠠᠨ ᠤ ᠤᠷᠠᠯᠢᠭ ᠪᠣᠯᠭᠠᠨ ᠬᠤᠪᠢᠷᠠᠭᠤᠯᠬᠤ ᠶᠢᠨ ᠬᠠᠮᠲᠤ᠂ ᠲᠡᠭᠦᠨ ᠳᠤ ᠴᠠᠭ ᠦᠶ᠎ᠡ ᠶᠢᠨ | ᠰᠢᠨ᠎ᠡ ᠠᠭᠤᠷ ᠠᠮᠢᠰᠬᠤᠯ ᠣᠷᠣᠭᠤᠯᠵᠤ᠂ ᠨᠡᠩ ᠴᠦ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠨᠡᠷ᠎ᠡ | ᠠᠯᠳᠠᠷ ᠢ ᠡᠷᠭᠦᠬᠦ ᠳᠤ ᠴᠢᠬᠤᠯᠠ ᠦᠢᠯᠡᠳᠦᠯ ᠦᠵᠡᠭᠦᠯᠭᠦ ᠪᠣᠯᠣᠨ᠎ᠠ᠃ | |