ᠪᠠᠢ ᠮᠢᠶᠣᠣ ᠽᠢ ᠪᠠᠯᠭᠠᠰᠤ 2024 ᠣᠨ ᠤ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/17
  ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠠᠶ ᠮᠢᠶᠣᠣ ᠽᠢ ᠪᠠᠯᠭᠠᠰᠤ 7 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠲᠣᠭᠲᠠᠬᠤ ᠡᠷᠭᠢᠯᠡᠵᠦ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠤᠨ ᠠᠵᠢᠯᠲᠠᠨ ᠵᠢᠴᠢ ᠪᠠᠯᠭᠠᠰᠤᠨ ᠤ ᠳᠣᠲᠣᠷᠠᠬᠢ ᠪᠣᠶ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠲᠤᠭ ᠬᠤᠷᠠᠯ ᠳᠤ ᠣᠷᠣᠯᠴᠠᠭᠰᠠᠨ ᠪᠦᠬᠦ ᠬᠥᠮᠦᠰ ᠢ ᠵᠣᠬᠢᠶᠠᠨ ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠡᠯ᠎ᠡ ᠠᠵᠤ ᠠᠬᠤᠶᠢᠯᠠᠯ ᠠᠴᠠ ᠭᠦᠨᠵᠡᠭᠡᠢ ᠰᠤᠷᠭᠠᠮᠵᠢ ᠠᠪᠴᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠬᠤ ᠶᠢ ᠴᠢᠬᠤᠯᠠᠴᠢᠯᠠᠵᠤ᠂ ᠡᠯ᠎ᠡ ᠠᠵᠤ ᠠᠬᠤᠶᠢᠯᠠᠯ ᠡᠷᠬᠡᠪᠰᠢ ᠴᠠᠭ ᠢᠮᠠᠭᠲᠠ ᠰᠡᠷᠡᠮᠵᠢ ᠲᠠᠢ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠠᠮᠤᠷ ᠲᠦᠪᠰᠢᠨ ᠤ ᠣᠷᠣᠭᠤᠯᠤᠯᠲᠠ ᠶᠢ ᠨᠡᠮᠡᠭᠳᠡᠭᠦᠯᠵᠦ᠂ ᠠᠮᠤᠷ ᠲᠦᠪᠰᠢᠨ ᠤ ᠲᠥᠬᠦᠭᠡᠷᠦᠮᠵᠢ ᠶᠢ ᠴᠠᠭ ᠲᠤᠬᠠᠢ ᠳᠤᠨᠢ ᠰᠢᠨᠡᠳᠬᠡᠨ ᠬᠠᠮᠠᠭᠠᠯᠠᠵᠤ᠂ ᠠᠶᠤᠯᠭᠦᠢ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠡᠪ ᠴᠢᠨᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠲᠦᠷᠪᠡ ᠳᠤ᠂ ᠠᠮᠤᠷ ᠲᠦᠪᠰᠢᠨ ᠤ ᠭᠡᠮ ᠰᠣᠭᠤᠭ ᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠪᠣᠯᠤᠨ ᠭᠡᠮ ᠰᠣᠭᠤᠭ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠳᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠪᠠᠢ ᠮᠢᠶᠣᠣ ᠽᠢ ᠪᠠᠯᠭᠠᠰᠤ ᠶᠢᠨ ᠬᠢᠨ ᠡᠯ᠎ᠡ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ᠪᠦᠬᠦ ᠪᠠᠯᠭᠠᠰᠤᠨ ᠤ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠡᠭᠦᠳᠴᠦ ᠥᠭᠭᠦᠨ᠎ᠡ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号