ᠪᠢᠴᠢᠭᠡᠴᠢ ᠪᠠᠯᠭᠠᠰᠤ ︽ᠶᠢᠰᠦᠨ ᠪᠠᠭ᠎ᠠ ᠲᠠᠯᠠᠪᠤᠷ︾ ᠤᠨ ᠭᠠᠯ ᠤᠨᠲᠠᠷᠠᠭᠠᠬᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠤ ︽ᠬᠠᠮᠠᠭᠠᠯᠠᠯᠲᠠ︾  ᠶᠢ ᠪᠥᠬᠦ ᠲᠠᠯ᠎ᠠ ᠪᠠᠷ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/7/17
  ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠶ ᠳᠥᠯᠭᠢᠨ ᠠᠬᠢᠭᠤᠯᠵᠤ᠂ ︽ᠶᠢᠰᠦᠨ ᠪᠠᠭ᠎ᠠ ᠲᠠᠯᠠᠪᠤᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠪᠢᠴᠢᠭᠡᠴᠢ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ ᠤᠨ ᠬᠠᠮᠲᠤᠷᠠᠭᠰᠠᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠷᠢᠶᠠᠲᠤ ᠣᠷᠣᠨ ᠤ ︽ᠶᠢᠰᠦᠨ ᠪᠠᠭ᠎ᠠ ᠲᠠᠯᠠᠪᠤᠷ︾ ᠲᠤ ᠭᠦᠨᠵᠡᠭᠡᠶᠢᠷᠡᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ᠃    ᠪᠠᠶᠢᠴᠠᠭᠠᠬᠤ ᠠᠵᠢᠯᠲᠠᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠠᠰᠢᠷᠠᠮ ᠢᠶᠠᠷ ᠰᠤᠭᠤᠴᠢᠨ ᠠᠰᠠᠭᠤᠬᠤ᠂ ᠲᠤᠬᠠᠶ ᠶᠢᠨ ᠲᠠᠯᠠᠪᠤᠷ ᠲᠤ ᠵᠢᠭᠰᠠᠭᠠᠨ ᠪᠠᠶᠢᠴᠠᠭᠠᠬᠤ᠂ ᠴᠢᠳᠠᠮᠵᠢ ᠶᠢ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠴᠠᠭᠠᠬᠤ ᠲᠠᠯᠠᠪᠤᠷ ᠭᠠᠵᠠᠷ ᠤᠨ ᠭᠠᠯ ᠤᠨᠲᠠᠷᠠᠭᠠᠬᠤ ᠪᠡᠯᠡᠳᠬᠡᠮᠵᠢ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ᠂ ᠴᠠᠬᠢᠯᠭᠠᠨ ᠤᠲᠠᠰᠤᠨ ᠤ ᠱᠤᠭᠤᠮ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠣᠷᠣᠨ ᠪᠠᠶᠢᠷᠢ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠭᠤᠯᠤᠯ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠤᠶᠢᠯᠠᠭᠠᠨ᠂ ︽ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ︾ ᠪᠠᠶᠢᠬᠤ ᠶᠢ ᠪᠡᠶᠡᠯᠡᠭᠦᠯᠵᠦ᠂ ᠣᠯᠠᠨ ᠲᠦᠮᠡᠨ ᠢ ᠬᠠᠪᠰᠤᠷᠤᠨ ︽ᠰᠡᠷᠭᠡᠶᠢᠯᠡᠯᠲᠡ ᠶᠢᠨ ᠬᠡᠷᠡᠮ︾ ᠪᠠᠶᠢᠭᠤᠯᠵᠤ᠂ ᠠᠶᠤᠯ ᠥᠬᠡᠶ ᠦᠢᠯᠡᠳᠪᠦᠷᠢᠯᠡᠯ ᠡᠵᠡᠩᠨᠡᠯᠲᠡ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ ᠪᠠᠶᠢᠴᠠᠭᠠᠬᠤ ᠶᠠᠪᠤᠴᠠ ᠳᠤ ᠂ ᠪᠠᠶᠢᠴᠠᠭᠠᠬᠤ ᠠᠵᠢᠯᠲᠠᠳ ᠠᠮᠤᠷ ᠲᠦᠪᠰᠢᠨ ᠤ ᠤᠬᠠᠭᠤᠯᠭ᠎ᠠ ᠶᠢ ᠵᠡᠷᠭᠡᠪᠡᠷ ᠥᠷᠨᠢᠭᠦᠯᠵᠦ᠂ ︽ᠶᠢᠰᠦᠨ ᠪᠠᠭ᠎ᠠ ᠲᠠᠯᠠᠪᠤᠷ︾ ᠤᠨ ᠬᠠᠷᠢᠭᠤᠴᠠᠯᠭᠠᠲᠠᠨ᠂ ᠠᠵᠢᠯᠯᠠᠵᠤ ᠪᠠᠶᠢᠭ᠎ᠠ ᠬᠥᠮᠦᠰ ᠲᠤ ᠨᠢᠭᠤᠷᠲᠠᠨ ᠤᠬᠠᠭᠤᠯᠵᠤ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ᠂ ᠠᠵᠢᠯᠯᠠᠵᠤ ᠪᠠᠶᠢᠭ᠎ᠠ ᠬᠥᠮᠦᠰ ᠲᠤ ᠭᠠᠯ ᠤᠨᠲᠠᠷᠠᠭᠠᠬᠤ ᠠᠩᠬᠠᠨ ᠤ ᠬᠤᠭᠤᠴᠠᠭᠠᠨ ᠤ ᠭᠠᠯ ᠤᠨ ᠠᠶᠤᠯ ᠪᠠ ᠠᠮᠤᠷ ᠲᠦᠪᠰᠢᠨ ᠢᠶᠠᠷ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠡᠯ᠎ᠡ ᠲᠥᠷᠥᠯ ᠤᠨ ᠭᠠᠯ ᠤᠨᠲᠠᠷᠠᠭᠠᠬᠤ ᠪᠡᠯᠡᠳᠬᠡᠮᠵᠢ ᠶᠢ ᠵᠥᠪ ᠬᠡᠷᠡᠭᠯᠡᠬᠦ ᠶᠢᠨ ᠬᠠᠮᠲᠤ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠲᠠᠷᠢᠬᠢᠨ ᠳᠤᠨᠢ ᠬᠠᠳᠠᠩᠰᠢᠭᠤᠯᠪᠠ᠃    ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠨᠢ ᠬᠠᠷᠢᠶᠠᠲᠤ ᠣᠷᠣᠨ ᠤ ᠳᠣᠲᠣᠷᠠᠬᠢ ︽ᠶᠢᠰᠦᠨ ᠪᠠᠭ᠎ᠠ ᠲᠠᠯᠠᠪᠤᠷ︾ ᠤᠨ ᠡᠵᠡᠩᠨᠡᠯᠲᠡ ᠶᠢᠨ ᠬᠥᠮᠦᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠵᠤ᠂ ᠪᠥᠬᠦ ᠪᠠᠯᠭᠠᠰᠤᠨ ᠤ ᠪᠦᠬᠦᠯᠢ ᠴᠣᠭᠴᠠ ᠶᠢᠨ ᠠᠮᠤᠷ ᠲᠦᠪᠰᠢᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠪᠠ ᠃ ᠳᠠᠷᠠᠭᠠᠴᠢ ᠶᠢᠨ ᠠᠯᠬᠤᠮ ᠳᠤ᠂ ᠪᠢᠴᠢᠭᠡᠴᠢ ᠪᠠᠯᠭᠠᠰᠤ ︽ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ︾ ᠪᠠᠶᠢᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠭᠡᠮ ᠰᠣᠭᠤᠭ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠶᠤᠯᠭᠦᠢ ᠦᠢᠯᠡᠳᠪᠦᠷᠢᠯᠡᠯ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠪᠣᠯᠤᠨ᠎ᠠ᠃
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号